| | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠨᠡᠪᠲᠡᠷᠡᠲᠡᠯ᠎ᠡ | ᠣᠶᠢᠯᠠᠭᠠᠭᠤᠯᠬᠤ ᠶᠢ ᠤᠯᠠᠮ ᠴᠢᠨᠠᠭᠰᠢᠳᠠ ᠠᠬᠢᠭᠤᠯᠬᠤ ᠶᠢᠨ ᠲᠥᠯᠥᠭᠡ᠂ ᠴᠠᠬᠠᠷ ᠱᠠᠯᠠ ᠭᠠᠴᠠᠭ᠎ᠠ ᠶᠢᠨ ᠬᠢᠨ | ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ | ᠪᠠᠷᠢᠮᠲᠠᠯᠠᠵᠤ᠂ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ | ᠪᠠᠶᠠᠵᠢᠭᠤᠯᠬᠤ ᠲᠠᠯ᠎ᠠ ᠪᠠᠷ ᠬᠢ ᠦᠢᠯᠡᠳᠦᠯ ᠢ ᠦᠨᠡᠨᠬᠦ ᠪᠠᠳᠠᠷᠠᠭᠤᠯᠪᠠ᠃ ᠴᠠᠬᠠᠷ ᠱᠠᠯᠠ ᠭᠠᠴᠠᠭ᠎ᠠ ᠶᠢᠨ ᠬᠠᠮᠲᠤ ᠶᠢᠨ | ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠭᠠᠴᠠᠭᠠᠨ ᠤ ᠠᠷᠠᠳ ᠲᠤ ᠬᠦᠷᠲᠡᠭᠡᠬᠦ ᠶᠢᠨ | ᠲᠥᠯᠥᠭᠡ᠂ ᠣᠶᠢᠷ᠎ᠠ ᠳᠤ᠂ ᠵᠢᠷᠠᠲᠠᠢ ᠪᠠᠯᠭᠠᠰᠤᠨ ᠤ ᠴᠠᠬᠠᠷ ᠱᠠᠯᠠ ᠭᠠᠴᠠᠭ᠎ᠠ ᠶᠢᠨ ᠬᠤᠪᠢ ᠣᠷᠣᠭᠤᠯᠤᠭᠰᠠᠨ ᠠᠵᠤ | ᠠᠬᠤᠢ ᠶᠢᠨ ᠬᠤᠷᠰᠢᠶ᠎ᠠ ᠨᠢ ᠵᠢᠯ ᠳᠤ ᠨᠢᠭᠡ ᠤᠳᠠᠭ᠎ᠠ ᠶᠠᠪᠤᠭᠳᠠᠬᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ | ᠠᠰᠢᠭ ᠬᠤᠪᠢᠶᠠᠬᠤ ᠠᠵᠢᠯᠯᠠᠭ᠎ᠠ ᠪᠠᠨ ᠳᠠᠬᠢᠨᠲᠠ ᠡᠬᠢᠯᠡᠭᠦᠯᠪᠡ᠃ | | | | | | | | | | ᠴᠠᠬᠠᠷ ᠱᠠᠯᠠ ᠭᠠᠴᠠᠭ᠎ᠠ ︽ᠲᠠᠷᠢᠶᠠᠴᠢᠳ ᠬᠤᠪᠢ ᠣᠷᠣᠭᠤᠯᠤᠭᠴᠢ ᠪᠣᠯᠵᠤ᠂ ᠪᠡᠯᠡ ᠮᠥᠩᠭᠦ ᠶᠢ ᠬᠤᠪᠢ | ᠣᠷᠣᠭᠤᠯᠤᠭᠰᠠᠨ ᠮᠥᠩᠭᠦ ᠪᠣᠯᠭᠠᠵᠤ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠵᠤ︾ ᠶᠢ ᠪᠠᠲᠤᠯᠠᠭᠠᠳ᠂ ︽ | ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠵᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠵᠤ | ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠬᠤ︾ ᠪᠠᠷ ᠳᠠᠮᠵᠢᠭᠤᠯᠤᠨ᠂ ᠭᠠᠴᠠᠭᠠᠨ ᠤ ᠡᠬᠢ ᠪᠠᠶᠠᠯᠢᠭ ᠢ ᠠᠮᠢᠳᠤᠯᠢᠭ | ᠪᠣᠯᠭᠠᠵᠤ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠥᠳᠡᠭᠡ ᠲᠤᠰᠬᠤᠨ ᠢ ᠬᠥᠭᠵᠢᠭᠦᠯᠦᠨ | ᠮᠠᠨᠳᠤᠭᠤᠯᠬᠤ ᠶᠢ ᠬᠢᠵᠢᠭ ᠤᠨ ᠬᠠᠯᠳᠠᠪᠤᠷᠢ ᠶᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠨᠥᠯᠥᠭᠡ ᠶᠢ ᠢᠯᠠᠨ ᠳᠠᠪᠠᠵᠤ | ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠴᠡᠪᠡᠷ ᠠᠰᠢᠭ ᠬᠤᠨᠵᠢᠪᠤᠷᠢ 112.63 ᠲᠦᠮᠡᠨ ᠲᠥᠭᠦᠷᠢᠭ ᠲᠤ | ᠬᠦᠷᠴᠦ᠂ ᠲᠤᠰᠢᠶᠠᠬᠤ ᠶᠣᠰᠣᠲᠠᠢ ᠰᠲ᠋ᠣᠺ ᠤᠨ ᠠᠰᠢᠭ ᠤᠨ 70% ᠶᠢᠨ ᠠᠰᠢᠭ ᠣᠷᠣᠯᠭ᠎ᠠ 78.84 ᠲᠦᠮᠡᠨ | ᠲᠥᠭᠦᠷᠢᠭ᠂ ᠭᠠᠴᠠᠭᠠᠨ ᠤ ᠡᠵᠡᠯᠡᠬᠦ ᠬᠤᠪᠢ ᠶᠢᠨ 25% ᠠᠴᠠ 19.71 ᠲᠦᠮᠡᠨ ᠲᠥᠭᠦᠷᠢᠭ᠂ ᠭᠡᠰᠢᠭᠦᠳ ᠤᠨ | ᠡᠵᠡᠯᠡᠬᠦ ᠬᠤᠪᠢ ᠶᠢᠨ 75% ᠶᠢᠨ ᠠᠰᠢᠭ ᠣᠷᠣᠯᠭ᠎ᠠ 59.13 ᠲᠦᠮᠡᠨ ᠲᠥᠭᠦᠷᠢᠭ ︵ᠬᠤᠪᠢ ᠬᠥᠮᠥᠨ ᠤ ᠠᠰᠢᠭ | ᠣᠷᠣᠯᠭ᠎ᠠ ᠶᠢᠨ ᠭᠠᠶᠢᠯᠢ ᠶᠢ ᠬᠠᠰᠤᠭᠰᠠᠨ ᠤ ᠳᠠᠷᠠᠭ᠎ᠠ 47.3 ᠲᠦᠮᠡᠨ ᠲᠥᠭᠦᠷᠢᠭ ᠬᠤᠪᠢᠶᠠᠨ᠎ᠠ︶᠂ ᠭᠠᠴᠠᠭᠠᠨ ᠤ | ᠭᠤᠷᠪᠠᠳᠤᠭᠠᠷ ᠵᠥᠪᠯᠡᠯ ᠤᠨ ᠪᠠᠭ ᠵᠢᠴᠢ ᠭᠠᠴᠠᠭᠠᠨ ᠤ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠤᠨ | ᠪᠦᠷᠢᠯᠳᠦᠭᠦᠨ ᠤ ᠬᠤᠷᠠᠯ ᠢ ᠡᠷᠬᠢᠯᠡᠵᠦ ᠰᠤᠳᠤᠯᠤᠭᠰᠠᠨ ᠢ ᠦᠨᠳᠦᠰᠦᠯᠡᠨ᠂ ᠴᠠᠬᠠᠷ ᠱᠠᠯᠠ ᠭᠠᠴᠠᠭ᠎ᠠ ᠶᠢᠨ ᠬᠠᠮᠲᠤ ᠶᠢᠨ | ᠠᠵᠤ ᠠᠬᠤᠢ ᠶᠢᠨ ᠬᠥᠭᠵᠢᠯᠲᠡ ᠶᠢᠨ ᠠᠰᠢᠭ ᠣᠷᠣᠯᠭ᠎ᠠ ᠬᠤᠪᠢᠶᠠᠷᠢᠯᠠᠬᠤ ᠲᠥᠰᠥᠯ ᠢ ᠲᠣᠭᠲᠠᠭᠠᠵᠤ᠂ | ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠶᠢᠨ ᠡᠳ᠋ ᠤᠨ ᠶᠠᠪᠤᠳᠠᠯ ᠤᠨ | ᠣᠷᠣᠯᠭ᠎ᠠ ᠵᠠᠷᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠭᠠᠴᠠᠭᠠᠨ ᠤ ᠬᠤᠪᠢ | ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠨᠢ ᠠᠯᠠᠱᠠ ᠶᠢᠨ ᠬᠥᠳᠡᠭᠡ ᠲᠤᠰᠬᠤᠨ ᠤ ᠬᠤᠳᠠᠯᠳᠤᠭᠠᠨ ᠤ | ᠪᠠᠩᠬᠢ ᠳᠤ ᠨᠠᠶᠢᠳᠠᠵᠤ ᠠᠰᠢᠭ ᠬᠤᠪᠢᠶᠠᠷᠢᠯᠠᠵᠤ᠂ ᠠᠯᠠᠱᠠ ᠶᠢᠨ ᠬᠥᠳᠡᠭᠡ ᠲᠤᠰᠬᠤᠨ ᠤ ᠬᠤᠳᠠᠯᠳᠤᠭᠠᠨ ᠤ ᠪᠠᠩᠬᠢ | ᠬᠠᠮᠤᠭ ᠠᠩᠬᠠᠨ ᠤ ᠵᠢᠭᠡᠯᠡᠯᠭᠡ ᠲᠠᠯᠪᠢᠭᠰᠠᠨ ᠠᠴᠠ ᠬᠠᠮᠤᠭ ᠰᠡᠭᠦᠯᠴᠢ ᠶᠢᠨ ᠠᠰᠢᠭ ᠬᠤᠪᠢᠶᠠᠬᠤ ᠬᠦᠷᠲᠡᠯᠡᠬᠢ ᠪᠦᠬᠦ | ᠶᠠᠪᠤᠴᠠ ᠳᠤ ᠬᠢᠨᠠᠯᠲᠠ ᠲᠠᠯᠪᠢᠬᠤ ᠪᠠ ᠳᠡᠮᠵᠢᠯᠭᠡ ᠦᠵᠡᠭᠦᠯᠵᠦ᠂ ᠠᠰᠢᠭ ᠬᠤᠪᠢᠶᠠᠬᠤ ᠵᠣᠭᠤᠰ ᠢ ᠭᠠᠴᠠᠭᠠᠨ ᠤ | ᠠᠷᠠᠳ ᠤᠨ ᠪᠠᠩᠬᠢ ᠶᠢᠨ ᠺᠠᠷᠲ ᠲᠤ ᠨᠢᠭᠡᠳ ᠨᠢᠭᠡ ᠪᠠᠷ ᠲᠠᠷᠬᠠᠭᠠᠪᠠ᠃ | | ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ | ᠬᠤᠷᠠᠯ ᠤᠨ ᠪᠦᠬᠦ ᠭᠡᠰᠢᠭᠦᠨ ᠡᠨᠡ ᠤᠳᠠᠭ᠎ᠠ ᠶᠢᠨ ᠠᠰᠢᠭ ᠬᠤᠪᠢᠶᠠᠷᠢᠯᠠᠯᠲᠠ ᠪᠠᠷ ᠵᠣᠷᠢᠭᠵᠢᠭᠤᠯᠤᠯ ᠪᠣᠯᠭᠠᠵᠤ᠂ | ᠬᠤᠷᠰᠢᠶᠠᠨ ᠤ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠠᠵᠤ ᠦᠢᠯᠡᠰ ᠢ ᠦᠷᠭᠦᠯᠵᠢᠯᠡᠨ ᠬᠥᠭᠵᠢᠭᠦᠯᠵᠦ | ᠭᠠᠴᠠᠭᠠᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠨᠡᠩ ᠴᠢᠷᠮᠠᠶᠢᠨ ᠨᠡᠩ | ᠰᠡᠳᠬᠢᠯ ᠲᠠᠯᠪᠢᠵᠤ ᠪᠠᠶᠢᠭᠠᠳ ᠬᠤᠷᠰᠢᠶ᠎ᠠ ᠶᠢ ᠰᠠᠶᠢᠲᠤᠷ ᠡᠵᠡᠩᠨᠡᠵᠦ᠂ ᠭᠠᠴᠠᠭᠠᠨ ᠤ ᠠᠷᠠᠳ ᠲᠤ ᠬᠥᠭᠵᠢᠯᠲᠡ ᠶᠢ | ᠡᠷᠢᠯᠬᠢᠯᠡᠵᠦ᠂ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠬᠠᠯᠠᠮᠵᠢᠯᠠᠯ ᠪᠠ ᠳᠡᠮᠵᠢᠯᠭᠡ ᠳᠣᠣᠷ᠎ᠠ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠶᠠᠳᠠᠭᠤᠷᠠᠯ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠤᠯᠠᠨ ᠠᠷᠭ᠎ᠠ | ᠬᠡᠮᠵᠢᠶ᠎ᠡ ᠪᠠᠷ ᠠᠬᠢᠭᠤᠯᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠳᠤ ᠤᠯᠠᠮ ᠴᠢᠨᠠᠭᠰᠢᠳᠠ ᠬᠤᠪᠢ ᠨᠡᠮᠡᠷᠢ ᠦᠵᠡᠭᠦᠯᠪᠡ᠃ |