ᠣᠯᠠᠨᠪᠤᠯᠠᠭ ᠪᠠᠯᠭᠠᠰᠤ 2023 ᠣᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/12
     ᠣᠶᠢᠷ᠎ᠠ ᠶᠢᠨ ᠡᠳᠦᠷ᠂ ᠣᠯᠠᠨᠪᠤᠯᠠᠭ ᠪᠠᠯᠭᠠᠰᠤ 2023 ᠣᠨ ᠤ ᠨᠠᠮ ᠤᠨ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠠᠶᠢᠭᠤᠯᠤᠯᠭ᠎ᠠ ᠪᠠ ᠬᠠᠷᠢᠶ᠎ᠠ ᠨᠢᠭᠡᠴᠡ ᠶᠢᠨ ᠪᠥᠬᠦ ᠺᠠᠳ᠋ᠷ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶᠎ ᠶᠢᠨ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃
     ᠬᠤᠷᠠᠯ ᠠᠴᠠ᠂ ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠵᠡᠪᠰᠡᠭᠲᠦ ᠬᠦᠴᠦᠨ ᠤ ᠠᠵᠢᠯ ᠢ ᠰᠠᠶᠢᠲᠤᠷ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠵᠡᠪᠰᠡᠭᠲᠦ ᠬᠦᠴᠦᠨ ᠢ ᠨᠠᠮ ᠠᠴᠠ ᠬᠠᠮᠢᠶᠠᠷᠬᠤ ᠶᠢ ᠪᠠᠷᠢᠮᠲᠠᠯᠠᠬᠤ ᠪᠣᠯ ᠮᠠᠨ ᠤ ᠨᠠᠮ ᠤᠨ ᠰᠢᠯᠢᠳᠡᠭ ᠤᠯᠠᠮᠵᠢᠯᠠᠯ ᠪᠠ ᠨᠢᠭᠡᠨ ᠴᠢᠬᠤᠯᠠ ᠤᠯᠤᠰ ᠲᠦᠷᠦ ᠶᠢᠨ ᠵᠠᠷᠴᠢᠮ ᠮᠥᠨ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠵᠡᠪᠰᠡᠭᠲᠦ ᠬᠦᠴᠦᠨ ᠢ ᠨᠠᠮ ᠠᠴᠠ ᠬᠠᠮᠢᠶᠠᠷᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠡᠪᠰᠡᠭᠲᠦ ᠬᠦᠴᠦᠨ ᠤ ᠠᠵᠢᠯ ᠪᠣᠯᠣᠨ ᠭᠤᠣᠯᠳᠠᠯᠭ᠎ᠠ ᠲᠠᠢ ᠠᠵᠢᠯ ᠢ ᠬᠠᠮᠲᠤ ᠳᠤᠨᠢ ᠲᠣᠬᠢᠷᠠᠭᠤᠯᠤᠨ ᠬᠠᠮᠲᠤ ᠳᠤᠨᠢ ᠨᠠᠶᠢᠳᠠᠪᠤᠷᠢᠵᠢᠭᠤᠯᠵᠤ᠂ ᠪᠠᠶᠢᠩᠭᠤᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠵᠡᠪᠰᠡᠭᠲᠦ ᠬᠦᠴᠦᠨ ᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ ᠭᠤᠣᠯ ᠠᠵᠢᠯ ᠳᠤ ᠠᠩᠬᠠᠷᠤᠯ ᠢᠶᠠᠨ ᠬᠠᠨᠳᠤᠭᠤᠯᠵᠤ᠂ ᠵᠡᠪᠰᠡᠭᠲᠦ ᠬᠦᠴᠦᠨ ᠤ ᠠᠵᠢᠯ ᠤᠨ ᠴᠢᠨᠠᠷ ᠴᠢᠨᠰᠠᠭ᠎ᠠ ᠶᠢ ᠤᠯᠠᠮ ᠳᠡᠭᠡᠭᠰᠢᠯᠡᠭᠦᠯᠬᠦ ᠬᠡᠷᠡᠭᠲᠡᠢ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠦᠬᠡ ᠶᠢᠨ ᠴᠡᠷᠢᠭ ᠤᠨ ᠪᠦᠬᠦᠯᠢ ᠳᠤᠭᠤᠶᠢᠯᠠᠩ᠂ ᠰᠣᠷᠢᠯᠲᠠ ᠶᠢᠨ ᠠᠵᠢᠯ ᠢ ᠴᠢᠩᠭ᠎ᠠ ᠠᠳᠬᠤᠨ᠂ ᠡᠷᠦᠬᠡ ᠶᠢᠨ ᠴᠡᠷᠢᠭ ᠤᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠪᠠ ᠵᠢᠩᠬᠢᠨᠢᠴᠢᠯᠡᠭᠰᠡᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠴᠡᠷᠢᠭ ᠡᠯᠰᠡᠬᠦ ᠠᠵᠢᠯ ᠤᠨ ᠲᠣᠭᠲᠠᠭᠠᠯ ᠢ ᠴᠢᠩᠭ᠎ᠠ ᠵᠢᠷᠤᠮᠯᠠᠨ ᠠᠵᠢᠯᠯᠠᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠤᠨ ᠤᠬᠠᠮᠰᠠᠷ ᠢᠶᠠᠨ ᠴᠢᠩᠭᠠᠳᠬᠠᠵᠤ᠂ ᠴᠡᠷᠢᠭ ᠡᠯᠰᠡᠬᠦ ᠠᠵᠢᠯ ᠤᠨ ᠰᠠᠬᠢᠯᠭ᠎ᠠ ᠪᠠᠲᠤ ᠶᠢ ᠵᠥᠷᠢᠴᠡᠬᠦ ᠠᠰᠠᠭᠤᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠳᠥᠷᠪᠡ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠵᠡᠪᠰᠡᠭᠲᠦ ᠬᠦᠴᠦᠨ ᠤ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠵᠥᠭᠡᠯᠡᠨ ᠲᠤᠨᠤᠭ ᠬᠠᠲᠠᠭᠤ ᠲᠤᠨᠤᠭ ᠢ ᠢᠮᠠᠭᠲᠠ ᠴᠥᠬᠦᠷᠡᠰᠢ ᠦᠭᠡᠢ ᠠᠳᠬᠤᠬᠤ ᠶᠢ ᠪᠠᠷᠢᠮᠲᠠᠯᠠᠵᠤ᠂ ᠲᠥᠰᠥᠯ ᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢ ᠠᠳᠬᠤᠵᠤ᠂ ᠤᠴᠢᠷ ᠶᠠᠪᠤᠳᠠᠯ ᠳᠤ ᠲᠤᠰᠬᠠᠢ ᠬᠥᠮᠥᠨ ᠲᠠᠢ ᠂ ᠬᠥᠮᠥᠨ ᠳᠤ ᠲᠤᠰᠬᠠᠢ ᠬᠠᠷᠢᠭᠤᠴᠠᠯᠭ᠎ᠠ ᠲᠠᠢ ᠪᠠᠶᠢᠬᠤ ᠶᠢ ᠪᠡᠶᠡᠯᠡᠭᠦᠯᠵᠦ᠂ ᠪᠠᠯᠭᠠᠰᠤᠨ ᠤ ᠵᠡᠪᠰᠡᠭᠲᠦ ᠬᠦᠴᠦᠨ ᠤ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠵᠤ᠂ ᠪᠠᠯᠭᠠᠰᠤᠨ ᠤ ᠨᠠᠮ ᠤᠨ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ ᠭᠡᠯ᠎ᠡ᠃      
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号