| ᠣᠶᠢᠷ᠎ᠠ ᠳᠤ᠂ ᠣᠯᠠᠨᠪᠤᠯᠠᠭ ᠪᠠᠯᠭᠠᠰᠤ ᠬᠤᠰᠢᠭᠤᠨ ᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ | ᠱᠦᠵᠢ ᠡᠷᠭᠢᠯᠡᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ᠂ | ᠪᠠᠶᠢᠭᠤᠯᠤᠯᠭ᠎ᠠ᠂ ᠬᠠᠷᠢᠶ᠎ᠠ ᠨᠢᠭᠡᠴᠡ ᠶᠢᠨ ᠪᠥᠬᠦ ᠺᠠᠳ᠋ᠷ ᠵᠢᠴᠢ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠢᠨ | ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃ | | | | | | ᠬᠤᠷᠠᠯ ᠠᠴᠠ᠂ ᠨᠢᠭᠡ ᠳᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ | ᠪᠦᠬᠦ ᠺᠠᠳ᠋ᠷᠴᠤᠳ ᠡᠷᠬᠡᠪᠰᠢ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠤᠨ ᠬᠤᠣᠷ ᠬᠥᠨᠥᠭᠡᠯᠳᠦ ᠴᠢᠨᠠᠷ ᠪᠣᠯᠣᠨ ᠬᠦᠨᠳᠦ ᠨᠣᠴᠢᠲᠠᠢ ᠴᠢᠨᠠᠷ ᠢ | ᠭᠦᠢᠴᠡᠳ ᠲᠠᠨᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠭᠦᠢᠴᠡᠳᠬᠡᠬᠦ | ᠰᠠᠨᠠᠭᠠᠴᠢᠯᠠᠭᠠᠲᠤ ᠴᠢᠨᠠᠷ ᠪᠣᠯᠣᠨ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | ᠬᠤᠶᠠᠷ ᠲᠤ᠂ ᠤᠳᠤᠷᠢᠳᠬᠤ ᠳᠤᠭᠤᠶᠢᠯᠠᠩ ᠤᠨ ᠪᠦᠬᠦ ᠪᠦᠷᠢᠯᠳᠦᠭᠦᠨ ᠨᠠᠷ ᠪᠠᠷᠢᠮᠵᠢᠶ᠎ᠠ ᠪᠠᠷ ᠬᠠᠷᠢᠭᠤ ᠲᠤᠰᠬᠠᠭᠰᠠᠨ | ᠠᠰᠠᠭᠤᠳᠠᠯ ᠢ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠪᠠᠲᠤᠯᠠᠬᠤ ᠬᠡᠷᠡᠭᠲᠡᠢ᠃ ︽ᠰᠤᠷᠲᠠᠯ ᠢ ᠴᠢᠩᠭᠠᠳᠬᠠᠬᠤ᠂ | ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠢ ᠠᠵᠢᠯᠯᠠᠭ᠎ᠠ ᠲᠠᠢ | ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠪᠣᠳᠠᠲᠠᠢ ᠪᠠᠷ ᠠᠳᠬᠤᠵᠤ᠂ | ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠠᠷᠢᠭᠤ | ᠲᠤᠰᠬᠠᠭᠰᠠᠨ ᠠᠰᠠᠭᠤᠳᠠᠯ ᠪᠦᠬᠦᠨ ᠳᠤ ︽ᠬᠠᠷᠢᠭᠤ ᠲᠤᠰᠬᠠᠯ ᠲᠠᠢ᠂ ᠶᠠᠪᠤᠳᠠᠯ ᠪᠦᠬᠦᠨ ᠳᠤ | ᠨᠠᠶᠢᠳᠠᠪᠤᠷᠢᠵᠢᠭᠤᠯᠤᠯᠲᠠ ᠲᠠᠢ︾ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ ᠳᠦᠷᠢᠮ ᠤᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠳᠦᠷᠢᠮᠵᠢᠭᠦᠯᠬᠦ᠂ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠦᠨᠡᠨ ᠬᠦ ᠪᠠᠲᠤᠯᠠᠵᠤ᠂ ᠳᠦᠷᠢᠮ ᠤᠨ | ᠲᠠᠯ᠎ᠠ ᠠᠴᠠ ᠡᠶᠢᠮᠦᠷᠬᠦ ᠠᠰᠠᠭᠤᠳᠠᠯ ᠤᠨ ᠳᠠᠬᠢᠨ ᠡᠭᠦᠰᠬᠦ ᠶᠢ ᠬᠤᠷᠢᠭᠯᠠᠬᠤ ᠬᠡᠷᠡᠭᠲᠡᠢ ᠭᠡᠯᠡ᠃ | | |