ᠣᠯᠠᠨᠪᠤᠯᠠᠭ ᠪᠠᠯᠭᠠᠰᠤ 2023 ᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/12
                 ᠣᠯᠠᠨᠪᠤᠯᠠᠭ ᠪᠠᠯᠭᠠᠰᠤ 2023 ᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠢ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠠᠶᠢᠭᠤᠯᠤᠯᠭ᠎ᠠ ᠶᠢᠨ ᠬᠠᠷᠢᠶ᠎ᠠ ᠨᠢᠭᠡᠴᠡ ᠶᠢᠨ ᠪᠦᠬᠦ ᠺᠠᠳ᠋ᠷ ᠵᠢᠴᠢ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃
     ᠬᠤᠷᠠᠯ ᠠᠴᠠ᠂ ᠨᠢᠭᠡ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠡᠷᠴᠢᠮᠲᠡᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠢ ᠲᠤᠶᠢᠯ ᠤᠨ ᠶᠡᠭᠡ ᠪᠠᠷ ᠪᠠᠶᠠᠯᠢᠭᠵᠢᠭᠤᠯᠤᠨ ᠬᠥᠭᠵᠢᠭᠦᠯᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠣᠨᠣᠯᠴᠢ ᠴᠢᠨᠠᠷ᠂ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠪᠦᠬᠦ ᠨᠠᠮ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠵᠥᠪ ᠢᠶᠠᠷ ᠣᠶᠢᠯᠠᠭᠠᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠂ ᠰᠢᠨ᠎ᠡ ᠠᠶᠠᠨ ᠵᠠᠮ ᠳᠤ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠳᠤ ᠴᠥᠮ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠬᠦ ᠠᠵᠢᠯᠲᠠᠳ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠲᠤᠰ ᠪᠠᠶᠢᠭᠤᠯᠭ᠎ᠠ ᠲᠤᠰ ᠨᠢᠭᠡᠴᠡ ᠶᠢᠨ ᠢᠶᠠᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠪᠦᠬᠦ ᠪᠠᠯᠭᠠᠰᠤᠨ ᠤ ᠦᠢᠯᠡᠰ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠮ ᠢᠶᠠᠷ ᠵᠠᠮᠨᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠶᠠᠷ ᠲᠤ᠂ ᠪᠦᠬᠦ ᠬᠥᠮᠥᠰ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠵᠢᠴᠢ ᠲᠥᠪ ᠤᠨ ᠬᠥᠳᠡᠭᠡ ᠲᠤᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠤᠰᠬᠤᠨ ᠲᠠᠷᠢᠶᠠᠴᠢᠨ︾᠎ ᠤ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠪᠣᠯᠣᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ 9 ᠲᠠᠯ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠬᠠᠷᠢᠴᠠᠭᠤᠯᠵᠤ᠂ ᠣᠳᠣᠬᠠᠨ ᠤ ᠪᠠ ᠬᠤᠶᠢᠰᠢᠳᠠ ᠶᠢᠨ ᠬᠤᠭᠤᠴᠠᠭᠠᠨ ᠤ ︽ᠬᠥᠳᠡᠭᠡ ᠠᠵᠤ ᠠᠬᠤᠢ ᠬᠥᠳᠡᠭᠡ ᠲᠤᠰᠬᠤᠨ ᠲᠠᠷᠢᠶᠠᠴᠢᠨ︾᠎ ᠤ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠢ᠃ ᠡᠯ᠎ᠡ ᠭᠠᠴᠠᠭ᠎ᠠ ᠨᠢ ᠲᠤᠬᠠᠢ ᠶᠢᠨ ᠭᠠᠵᠠᠷ ᠲᠠᠭᠠᠨ ᠪᠣᠳᠠᠲᠠᠢ ᠪᠠᠷ ᠠᠵᠢᠯᠯᠠᠵᠤ᠂ ᠣᠲᠣ ᠶᠢᠨ ᠪᠠᠶᠢᠭ᠎ᠠ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠬᠡᠷᠡᠭᠵᠢᠭᠦᠯᠵᠦ ᠪᠣᠯᠬᠤᠶᠢᠴᠠ ᠲᠥᠷᠥᠯ ᠵᠦᠢᠯ ᠤᠨ ᠪᠣᠳᠣᠯᠬᠢᠯᠠᠯ ᠢ ᠢᠳᠡᠪᠬᠢᠲᠡᠢ ᠪᠠᠷ ᠰᠦᠪᠡᠭᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠪᠠᠯᠭᠠᠰᠤᠨ ᠤ ᠬᠥᠳᠡᠭᠡ ᠲᠤᠰᠬᠤᠨ ᠤ ᠬᠥᠭᠵᠢᠯᠲᠡ᠂ ᠬᠥᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠤᠰᠬᠤᠨ ᠤ ᠵᠠᠰᠠᠯᠲᠠ ᠵᠡᠷᠭᠡ ᠠᠵᠢᠯ ᠢ ᠣᠳᠣᠬᠢᠴᠢᠯᠠᠭᠰᠠᠨ ᠬᠥᠭᠵᠢᠯᠲᠡ ᠶᠢᠨ ᠵᠠᠮ ᠳᠤ ᠣᠷᠣᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠤᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠭᠤᠷᠪᠠ ᠳᠤ᠂ 2022 ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠣᠯᠣᠨ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠢ ᠦᠨᠡᠨᠬᠦ ᠰᠠᠶᠢᠲᠤᠷ ᠠᠳᠬᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠷᠢᠶᠠᠯᠠᠭ᠎ᠠ ᠪᠣᠯᠣᠨ ᠱᠠᠭᠠᠷᠳᠠᠯᠭ᠎ᠠ ᠠᠴᠠ ᠨᠠᠮ ᠤᠨ ᠭᠡᠰᠢᠭᠦᠨ ᠤ ᠡᠭᠦᠷᠭᠡ ᠲᠠᠢ ᠬᠠᠷᠢᠴᠠᠭᠤᠯᠵᠤ᠂ ᠬᠦᠷᠦᠯᠴᠡᠬᠦ ᠦᠭᠡᠢ ᠲᠠᠯ᠎ᠠ ᠪᠣᠯᠣᠨ ᠠᠰᠠᠭᠤᠳᠠᠯ ᠢ ᠪᠦᠬᠦ ᠲᠠᠯ᠎ᠠ ᠪᠠᠷ ᠡᠷᠢᠵᠦ᠂ ᠠᠰᠠᠭᠤᠳᠠᠯ ᠤᠨ ᠣᠷᠣᠰᠢᠵᠤ ᠪᠠᠶᠢᠭ᠎ᠠ ᠦᠨᠳᠦᠰᠦ ᠰᠤᠷᠪᠤᠯᠵᠢ ᠶᠢ ᠡᠷᠴᠢᠮᠲᠡᠢ ᠵᠠᠳᠠᠯᠵᠤ᠂ ᠦᠨᠡᠨᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ᠃ ᠪᠦᠬᠦ ᠨᠠᠮ ᠤᠨ ᠭᠡᠰᠢᠭᠦᠨ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠡᠷᠴᠢᠮᠲᠡᠢ ᠥᠷᠨᠢᠭᠦᠯᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠵᠡᠪᠰᠡᠭ ᠢ ᠰᠠᠶᠢᠲᠤᠷ ᠬᠡᠷᠡᠭᠯᠡᠵᠦ᠂ ︽ᠰᠠᠶᠢᠨ ᠬᠥᠮᠥᠨ︾᠎ ᠤ ᠦᠵᠡᠯ ᠰᠠᠨᠠᠭ᠎ᠠ ᠶᠢ ᠲᠠᠶᠠᠭᠳᠠᠵᠤ᠂ ᠦᠨᠡᠨᠴᠢ ᠴᠠᠭᠠᠪᠤᠷ ᠪᠠᠶᠢᠵᠤ᠂ ᠭᠤᠣᠯ ᠰᠡᠳᠦᠪ ᠲᠡᠭᠡᠨ ᠰᠢᠭᠤᠳ ᠬᠦᠷᠴᠦ᠂ ︽ᠵᠣᠷᠢᠭᠲᠠᠢ ᠪᠠᠷ ᠶᠠᠷᠢᠬᠤ᠂ ᠪᠣᠳᠠᠲᠠᠢ ᠶᠢ ᠶᠠᠷᠢᠬᠤ︾᠎ ᠶᠢ ᠪᠡᠶᠡᠯᠡᠭᠦᠯᠵᠦ᠂ ︽ᠨᠢᠭᠤᠷ ᠤᠯᠠᠶᠢᠯᠭᠠᠨ ᠬᠥᠯᠥᠰᠦ ᠭᠠᠷᠭᠠᠬᠤ︾ ᠦᠷ᠎ᠡ ᠪᠦᠲᠦᠮᠵᠢ ᠣᠯᠵᠤ᠂ 2022 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠭᠤᠷᠪᠠ ᠶᠢ ᠠᠳᠬᠤᠵᠤ ᠭᠤᠷᠪᠠ ᠶᠢ ᠠᠳᠠᠯᠢᠳᠬᠠᠬᠤ ᠭᠤᠷᠪᠠ ᠶᠢ ᠳᠡᠭᠡᠭᠰᠢᠯᠡᠭᠦᠯᠬᠦ︾᠎ ᠪᠠᠷ ᠪᠣᠳᠠᠲᠠᠢ ᠭᠠᠷᠳᠠᠴᠠ ᠪᠣᠯᠭᠠᠵᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠠᠱᠠ ᠵᠡᠭᠦᠨ ᠬᠤᠰᠢᠭᠤᠨ ᠤ ᠴᠢᠨᠠᠷᠯᠢᠭ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ︾ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠬᠤ ᠪᠠᠷ ᠠᠵᠠ ᠲᠣᠬᠢᠶᠠᠯ ᠪᠣᠯᠭᠠᠵᠤ᠂ ᠣᠯᠠᠨᠪᠤᠯᠠᠭ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠡᠷᠴᠢᠮᠲᠡᠢ ᠰᠤᠷᠤᠯᠴᠠᠨ ᠲᠣᠯᠢ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠨ ᠬᠥᠭᠵᠢᠭᠦᠯᠬᠦ ᠪᠠᠷ ᠴᠢᠷᠮᠠᠶᠢᠵᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠰᠤᠷᠤᠯᠴᠠᠵᠤ ᠡᠷᠴᠢ ᠵᠣᠷᠢᠭ ᠢᠶᠠᠨ ᠬᠥᠪᠴᠢᠯᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠵᠢᠷᠭᠤᠭᠠᠨ ᠭᠤᠷᠪᠠ︾᠎ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠦᠨᠡᠨᠬᠦ ᠴᠢᠩᠭᠠᠷᠠᠭᠤᠯᠤᠨ᠂ ᠠᠮᠢ ᠠᠬᠤᠢ ᠭᠤᠶᠢᠳᠠ ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠲᠦᠮᠡᠨ ᠪᠠᠶᠠᠨ ᠴᠢᠨᠡᠭᠡᠯᠢᠭ ᠡᠶ᠎ᠡ ᠵᠣᠬᠢᠴᠠᠯ ᠲᠠᠢ ᠵᠣᠯ ᠵᠢᠷᠭᠠᠯᠲᠤ ᠣᠯᠠᠨᠪᠤᠯᠠᠭ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠯ᠎ᠡ᠃      
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号