ᠣᠯᠠᠨᠪᠤᠯᠠᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠤᠯᠢ ᠬᠡᠷᠡᠭᠵᠢᠭᠦᠯᠬᠦ ᠳᠤᠮᠳᠠ ᠠᠩᠭᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠴᠢᠮᠲᠡᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2023/4/12
     ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠣᠯᠠᠨᠪᠤᠯᠠᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠤᠯᠢ ᠬᠡᠷᠡᠭᠵᠢᠭᠦᠯᠬᠦ ᠳᠤᠮᠳᠠ ᠠᠩᠭᠢ ᠶᠢᠨ ᠠᠵᠢᠯ ᠢ ᠵᠢᠯᠤᠭᠤᠳᠬᠤ ᠶᠢᠨ ᠬᠠᠮᠲᠤ᠂ ᠶᠡᠭᠡ ᠠᠩᠭᠢ ᠶᠢᠨ ᠤᠳᠤᠷᠢᠳᠤᠯᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠴᠢᠮᠲᠡᠢ ᠰᠤᠷᠤᠯᠴᠠᠨ ᠲᠤᠤᠱᠯᠠᠭᠤᠯᠬᠤ ᠲᠤᠬᠠᠢ ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠪᠡ᠃
     ᠲᠤᠰ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠨᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ᠠᠯᠢ ᠣᠯᠠᠨ ᠴᠢᠬᠤᠯᠠ ᠨᠤᠲᠠᠯᠠᠯᠲᠠ ᠪᠠᠷ ᠭᠠᠷᠳᠠᠬᠤ ᠴᠡᠭ ᠪᠣᠯᠭᠠᠵᠤ᠂ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ︾᠂ ︽ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠬᠦ︾᠂ ︽ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾᠂ ︽ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ︾᠂ ︽ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠬᠦᠴᠦᠯᠡᠨ ᠠᠬᠢᠭᠤᠯᠬᠤ︾᠂ ︽ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢᠵᠢᠯ ᠤᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠵᠢᠴᠢ ︽ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠢᠶᠠᠷ ᠠᠬᠢᠭᠤᠯᠬᠤ︾ ᠲᠠᠯ᠎ᠠ ᠪᠠᠷ ᠰᠤᠷᠤᠯᠴᠠᠯᠭ᠎ᠠ ᠥᠷᠨᠢᠭᠦᠯᠪᠡ᠃  
 
ᠢᠷᠡᠯᠲᠡ᠄ ᠣᠯᠠᠨᠪᠤᠯᠠᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号