ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/12
       ᠣᠯᠠᠨᠪᠤᠯᠠᠭ ᠪᠠᠯᠭᠠᠰᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠠᠢ ᠬᠠᠮᠲᠤᠷᠠᠵᠤ᠂ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠂ ᠹᠦ᠋ ᠯᠢᠨ ᠹᠦ᠋ ᠴᠢᠤᠸᠠᠨ ᠨᠡᠶᠢᠭᠡᠮ ᠲᠣᠭᠤᠷᠢᠭ ᠲᠠᠢ ᠬᠠᠮᠲᠤᠷᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶ᠎ᠠ ᠣᠷᠣᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠣᠯᠣᠨ ᠪᠣᠯᠪᠠᠰᠤᠨ ᠢᠶᠠᠷ ᠣᠷᠣᠵᠤ ᠭᠠᠷᠬᠤ ᠶᠡᠷᠦ ᠶᠢᠨ ᠮᠡᠳᠡᠯᠭᠡ ᠶᠢ ᠳᠡᠭᠡᠭᠰᠢᠯᠡᠭᠦᠯᠪᠡ᠃
     ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠠᠶᠢᠯ ᠡᠷᠦᠬᠡ ᠪᠠᠷ ᠰᠤᠷᠪᠤᠯᠵᠢᠯᠠᠬᠤ ᠪᠠᠷ ᠳᠠᠮᠵᠢᠭᠤᠯᠵᠤ᠂ ᠠᠳᠡᠯ ᠤᠨ ᠵᠢᠱᠢᠶ᠎ᠡ ᠲᠠᠢ ᠤᠶᠠᠯᠳᠤᠭᠤᠯᠵᠤ᠂ ᠬᠡᠦᠬᠡᠳ ᠪᠣᠯᠣᠨ ᠭᠡᠷ ᠤᠨ ᠠᠬᠠᠮᠠᠳ ᠲᠤ ᠠᠮᠤᠷ ᠲᠦᠪᠰᠢᠨ ᠢᠶᠠᠷ ᠭᠠᠳᠠᠭᠰᠢ ᠭᠠᠷᠬᠤ ᠮᠡᠳᠡᠯᠭᠡ ᠶᠢ ᠲᠠᠶᠢᠯᠪᠤᠷᠢᠯᠠᠨ ᠥᠭᠴᠦ᠂ ᠰᠤᠷᠤᠭᠴᠢᠳ ᠢ ᠠᠮᠤᠷ ᠲᠦᠪᠰᠢᠨ ᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠠᠮᠢ ᠨᠠᠰᠤ ᠪᠠᠨ ᠨᠠᠨᠳᠢᠩᠨᠠᠵᠤ᠂ ᠳᠦᠷᠢᠮ ᠰᠠᠬᠢᠯᠭ᠎ᠠ ᠶᠢ ᠵᠢᠷᠤᠮᠯᠠᠵᠤ  ᠂ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ ᠭᠡᠯ᠎ᠡ᠃  
 
ᠢᠷᠡᠯᠲᠡ᠄ ᠣᠯᠠᠨᠪᠤᠯᠠᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号