ᠬᠤᠣᠷ᠎ᠠ ᠬᠤᠷᠢᠭᠯᠠᠬᠤ ᠲᠤᠰᠬᠠᠢ ᠪᠠᠶᠢᠴᠠᠭᠠᠯᠲᠠ ᠭᠦᠢᠴᠡᠳᠬᠡᠪᠡ
ᠨᠡᠶᠢᠲᠡᠯᠡᠭᠰᠡᠨ ᠴᠠᠭ᠄
2023/4/12
      ᠣᠶᠢᠷ᠎ᠠ ᠶᠢᠨ ᠡᠳᠦᠷ᠂ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷᠲᠤ ᠡᠳ᠋ ᠢ ᠬᠤᠷᠢᠭᠯᠠᠬᠤ ᠰᠠᠯᠪᠤᠷᠢ ᠠᠩᠭᠢ ᠶᠢᠨ ᠬᠢᠨ ᠣᠯᠠᠨᠪᠤᠯᠠᠭ ᠪᠠᠯᠭᠠᠰᠤᠨ ᠳᠤ ᠬᠦᠷᠴᠦ ᠬᠤᠣᠷᠲᠤ ᠡᠳ᠋ ᠢ ᠬᠤᠷᠢᠭᠯᠠᠬᠤ ᠲᠤᠰᠬᠠᠢ ᠪᠠᠶᠢᠴᠠᠭᠠᠯᠲᠠ ᠶᠢᠨ ᠠᠵᠢᠯ ᠥᠷᠨᠢᠭᠦᠯᠪᠡ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠨᠢᠭᠡᠳᠦᠮᠡᠯ ᠹᠷᠣᠨᠲ ᠤᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠣᠯᠠᠨᠪᠤᠯᠠᠭ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠯᠣᠨ ᠬᠤᠣᠷ ᠬᠤᠷᠢᠭᠯᠠᠬᠤ ᠲᠤᠰᠬᠠᠢ ᠺᠠᠳ᠋ᠷ ᠪᠠᠷ᠎ᠠ ᠪᠣᠯᠵᠤ ᠪᠠᠶᠢᠴᠠᠭᠠᠯᠲᠠ ᠳᠤ ᠣᠷᠣᠯᠴᠠᠪᠠ᠃
     ᠣᠯᠠᠨᠪᠤᠯᠠᠭ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠵᠢᠯᠯᠠᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ ᠣᠳᠣᠬᠠᠨ ᠤ ᠬᠦᠨᠳᠦ ᠨᠣᠴᠢᠲᠠᠢ ᠪᠠᠶᠢᠳᠠᠯ ᠢ ᠵᠥᠪ ᠢᠶᠠᠷ ᠵᠠᠳᠠᠯᠵᠤ᠂ ᠬᠤᠣᠷ ᠬᠤᠷᠢᠭᠯᠠᠬᠤ ᠠᠵᠢᠯ ᠢ ᠰᠠᠶᠢᠲᠤᠷ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠢᠯ ᠤᠨ ᠰᠡᠳᠬᠢᠮᠵᠢ ᠪᠠᠨ ᠲᠣᠳᠣᠷᠬᠠᠢ ᠪᠣᠯᠭᠠᠨ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠬᠤᠣᠷ ᠬᠤᠷᠢᠭᠯᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠣᠷ ᠬᠤᠷᠢᠭᠯᠠᠬᠤ ᠠᠵᠢᠯ ᠤᠨ ᠤᠬᠠᠭᠤᠯᠭ᠎ᠠ ᠶᠢ ᠴᠢᠩᠭᠠᠳᠬᠠᠨ᠂ ᠬᠤᠣᠷ ᠬᠤᠷᠢᠭᠯᠠᠬᠤ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠠᠨ ᠤ ᠪᠠᠯᠭᠠᠰᠤᠨ ᠤ ᠣᠯᠠᠨ ᠲᠦᠮᠡᠨ ᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠭᠰᠠᠨ ᠪᠠᠶᠢᠨ᠎ᠠ᠃      
 
ᠢᠷᠡᠯᠲᠡ᠄ ᠣᠯᠠᠨᠪᠤᠯᠠᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号