ᠣᠯᠠᠨᠪᠤᠯᠠᠭ ᠪᠠᠯᠭᠠᠰᠤ 2023 ᠣᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/12
      ᠣᠶᠢᠷ᠎ᠠ ᠶᠢᠨ ᠡᠳᠦᠷ᠂ ᠣᠯᠠᠨᠪᠤᠯᠠᠭ ᠪᠠᠯᠭᠠᠰᠤ 2023 ᠣᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠠᠶᠢᠭᠤᠯᠤᠯᠭ᠎ᠠ ᠪᠠ ᠬᠠᠷᠢᠶ᠎ᠠ ᠨᠢᠭᠡᠴᠡ ᠶᠢᠨ ᠪᠥᠬᠦ ᠺᠠᠳ᠋ᠷ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠎ ᠶᠢᠨ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃
     ᠬᠤᠷᠠᠯ ᠠᠴᠠ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠠᠳᠠᠭᠤᠷᠠᠯ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠭᠦᠢᠴᠡᠳᠬᠡᠬᠦ ᠶᠢᠨ ᠴᠢᠬᠤᠯᠠ ᠴᠢᠨᠠᠷ ᠪᠠ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠴᠢᠨᠠᠷ ᠴᠢᠨᠰᠠᠭ᠎ᠠ ᠶᠢ ᠴᠢᠩᠳᠠᠯᠠᠵᠤ ᠂ ᠠᠵᠢᠯ ᠤᠨ ᠰᠤᠷᠲᠠᠯ ᠢ ᠰᠢᠯᠢᠳᠡᠭᠵᠢᠭᠦᠯᠦᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠪᠠᠴᠢᠮ ᠬᠦᠴᠢᠷ ᠵᠣᠪᠠᠭᠤᠷᠢ ᠲᠠᠢ ᠤᠴᠢᠷ ᠶᠠᠪᠤᠳᠠᠯ ᠢᠶᠠᠷ ᠭᠤᠣᠯᠯᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠤᠲᠠᠭᠤᠳᠠᠯ ᠢ ᠤᠯᠠᠮ ᠲᠡᠭᠦᠯᠳᠡᠷᠵᠢᠭᠦᠯᠦᠨ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠯ᠎ᠡ᠃      
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号