ᠣᠯᠠᠨᠪᠤᠯᠠᠭ ᠪᠠᠯᠭᠠᠰᠤᠨ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/4/12
     ᠣᠶᠢᠷ᠎ᠠ ᠳᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠦᠯᠬᠦᠮ ᠳᠠᠭᠠᠭᠤᠯᠤᠨ ᠤᠷᠢᠳ ᠬᠤᠵᠢᠳ ᠠᠯᠠᠱᠠ ᠵᠡᠭᠦᠨ ᠬᠤᠰᠢᠭᠤᠨ ᠤ ᠪᠥᠸᠧ ᠢᠦᠢ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠪᠠᠯᠭᠠᠰᠤᠨ ᠳᠤ ᠰᠠᠭᠤᠭ᠎ᠠ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠭᠦᠢᠴᠡᠳᠬᠡᠪᠡ᠃
     ᠲᠣᠰ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠠᠵᠤ ᠠᠬᠤᠶᠢᠯᠠᠯ ᠤᠨ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠵᠢᠵᠢᠭᠦᠷᠯᠡᠭᠴᠢ ᠶᠢᠨ ᠰᠤᠷᠭᠠᠯᠲᠠ ᠤᠨ ᠠᠵᠢᠯ ᠤᠨ ᠪᠠᠶᠢᠷᠢ ᠳᠤ ᠭᠠᠷᠬᠤ᠂ ᠠᠵᠤ ᠠᠬᠤᠶᠢᠯᠠᠯ ᠤᠨ ᠭᠠᠯ ᠲᠦᠢᠮᠡᠷ ᠢ ᠤᠨᠲᠠᠷᠠᠭᠠᠬᠤ ᠠᠶᠤᠯᠭᠦᠢ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠭᠠᠯ ᠤᠨ ᠠᠶᠤᠯ ᠠᠯᠳᠠᠭᠰᠠᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ ᠢ ᠲᠣᠭᠲᠠᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠨᠢᠮᠪᠠᠢ ᠪᠠᠶᠢᠴᠠᠭᠠᠯᠲᠠ ᠭᠦᠢᠴᠡᠳᠬᠡᠪᠡ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠢ ᠰᠢᠮᠳᠠᠭᠤᠯᠤᠨ ᠣᠪᠣᠷ ᠢ ᠨᠢ ᠲᠥᠪ ᠪᠣᠯᠭᠠᠵᠤ᠂ ᠴᠠᠭ ᠲᠤᠬᠠᠢ ᠳᠤᠨᠢ ᠰᠢᠢᠳᠪᠦᠷᠢᠯᠡᠨ᠂ ᠴᠡᠭᠴᠡᠯᠡᠨ ᠰᠠᠶᠢᠵᠢᠷᠠᠭᠤᠯᠬᠤ ᠶᠢ ᠲᠣᠭᠲᠠᠭᠰᠠᠨ ᠬᠤᠭᠤᠴᠠᠭᠠᠨ ᠳᠤ ᠨᠠᠷᠢᠨ ᠬᠢᠨᠠᠮᠠᠭᠠᠢ ᠪᠡᠶᠡᠯᠡᠭᠦᠯᠵᠦ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠭᠰᠠᠨ ᠪᠠᠶᠢᠨ᠎ᠠ᠃  
 
ᠢᠷᠡᠯᠲᠡ᠄ ᠣᠯᠠᠨᠪᠤᠯᠠᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号