ᠵᠡᠭᠦᠨ ᠪᠡᠯ ᠪᠠᠯᠭᠠᠰᠤ 2023 ᠣᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/12
                   ᠵᠡᠭᠦᠨ ᠪᠡᠯ ᠪᠠᠯᠭᠠᠰᠤᠨ ᠤ ᠨᠠᠮ ᠤᠨ ᠬᠤᠷᠢᠶ᠎ᠠ 2023 ᠣᠨ ᠤ 2 ᠳ᠋ᠤᠭᠠᠷ ᠬᠤᠭᠤᠴᠠᠭᠠᠨ ᠤ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠬᠤᠷᠠᠯ ᠢ ᠥᠷᠨᠢᠭᠦᠯᠪᠡ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ᠂ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃
     ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠲᠠᠶᠢᠯᠤᠮᠵᠢ︾ ︽ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ ᠳᠦᠷᠢᠮ ᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠤᠯᠲᠠ ᠶᠢᠨ ᠡᠷᠬᠡ᠂ ᠦᠭᠡ ᠬᠡᠯᠡᠬᠦ ᠡᠷᠬᠡ︾ ᠵᠡᠷᠭᠡ ᠬᠤᠯᠪᠣᠭᠳᠠᠯ ᠪᠦᠬᠦᠢ ᠸᠢᠳᠢᠤ᠋ ᠶᠢ ᠦᠵᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠯᠠᠮ ᠴᠢᠨᠠᠭᠰᠢᠳᠠ ᠰᠠᠶᠢᠲᠤᠷ ᠭᠦᠢᠴᠡᠳᠬᠡᠬᠦ ᠳᠤ ᠨᠡᠯᠢᠶᠡᠳ ᠴᠢᠩᠭ᠎ᠠ ᠵᠢᠯᠤᠭᠤᠳᠬᠤ ᠦᠢᠯᠡᠳᠦᠯ ᠦᠵᠡᠭᠦᠯᠦᠭᠰᠡᠨ ᠪᠠᠶᠢᠨ᠎ᠠ᠃            ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠨᠢ ᠨᠠᠮ ᠤᠨ ᠨᠢᠭᠡ ᠵᠦᠢᠯ ᠤᠨ ᠲᠤᠶᠢᠯ ᠤᠨ ᠴᠢᠬᠤᠯᠠ ᠠᠵᠢᠯ ᠪᠣᠯᠤᠭᠰᠠᠨ ᠤ ᠬᠤᠪᠢ ᠳᠤ᠂ ᠲᠡᠭᠦᠨ ᠤ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠳᠦᠷ ᠳᠤᠳᠤᠮ ᠤᠨ ᠠᠵᠢᠯ ᠲᠠᠢ ᠬᠠᠮᠲᠤ ᠳᠤᠨᠢ ᠲᠥᠯᠥᠪᠵᠢᠭᠦᠯᠵᠦ᠂ ᠬᠠᠮᠲᠤ ᠎ ᠳᠤᠨᠢ ᠪᠠᠶᠢᠷᠢᠯᠠᠭᠤᠯᠵᠤ᠂ ᠬᠠᠮᠲᠤ ᠳᠤᠨᠢ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢ ᠦᠨᠡᠨᠬᠦ ᠰᠡᠳᠬᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠱᠠᠭᠠᠷᠳᠠᠯᠭ᠎ᠠ ᠳᠤ ᠴᠢᠭᠯᠡᠭᠦᠯᠦᠨ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠵᠠᠳᠠᠯᠤᠨ ᠰᠤᠳᠤᠯᠵᠤ ᠮᠠᠭᠠᠳᠯᠠᠬᠤ ᠡᠷᠴᠢᠮ ᠢᠶᠠᠨ ᠴᠢᠩᠭᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠲᠣᠣᠷᠵᠢᠯ ᠤᠨ ᠠᠵᠢᠯᠲᠠᠨ ᠤ ᠦᠢᠯᠡᠳᠦᠯ ᠢ ᠪᠠᠳᠠᠷᠠᠭᠤᠯᠵᠤ᠂ ᠪᠤᠷᠤᠭᠤ ᠦᠵᠡᠯᠲᠡ ᠶᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ ᠬᠤᠷᠢᠭᠯᠠᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠯ᠎ᠡ᠃                  
 
ᠢᠷᠡᠯᠲᠡ᠄ ᠵᠡᠭᠦᠨ ᠪᠡᠯ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号