| | | ᠵᠡᠭᠦᠨ ᠪᠡᠯ ᠪᠠᠯᠭᠠᠰᠤᠨ ᠤ ᠨᠠᠮ ᠤᠨ ᠬᠤᠷᠢᠶ᠎ᠠ 2023 ᠣᠨ ᠤ 2 ᠳ᠋ᠤᠭᠠᠷ ᠬᠤᠭᠤᠴᠠᠭᠠᠨ ᠤ ᠤᠨᠤᠯ ᠤᠨ | ᠭᠤᠣᠯ ᠳᠤᠭᠤᠶᠢᠯᠠᠩ ᠤᠨ ᠰᠤᠷᠤᠯᠴᠠᠯᠭ᠎ᠠ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠨ ᠳᠡᠭᠡᠷᠡᠬᠢ | ᠪᠣᠯᠪᠠᠰᠤᠷᠠᠯ ᠤᠨ ᠬᠤᠷᠠᠯ ᠢ ᠥᠷᠨᠢᠭᠦᠯᠪᠡ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ | ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ᠂ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃ | | | | | | ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ | ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠲᠠᠶᠢᠯᠤᠮᠵᠢ︾ ︽ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ | ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ ᠳᠦᠷᠢᠮ ᠢ ᠪᠠᠷᠢᠮᠲᠠᠯᠠᠵᠤ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠤᠯᠲᠠ ᠶᠢᠨ ᠡᠷᠬᠡ᠂ ᠦᠭᠡ ᠬᠡᠯᠡᠬᠦ ᠡᠷᠬᠡ︾ | ᠵᠡᠷᠭᠡ ᠬᠤᠯᠪᠣᠭᠳᠠᠯ ᠪᠦᠬᠦᠢ ᠸᠢᠳᠢᠤ᠋ ᠶᠢ ᠦᠵᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠯᠠᠮ | ᠴᠢᠨᠠᠭᠰᠢᠳᠠ ᠰᠠᠶᠢᠲᠤᠷ ᠭᠦᠢᠴᠡᠳᠬᠡᠬᠦ ᠳᠤ ᠨᠡᠯᠢᠶᠡᠳ ᠴᠢᠩᠭ᠎ᠠ ᠵᠢᠯᠤᠭᠤᠳᠬᠤ ᠦᠢᠯᠡᠳᠦᠯ ᠦᠵᠡᠭᠦᠯᠦᠭᠰᠡᠨ ᠪᠠᠶᠢᠨ᠎ᠠ᠃ | | | ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠨᠢ ᠨᠠᠮ ᠤᠨ ᠨᠢᠭᠡ ᠵᠦᠢᠯ ᠤᠨ ᠲᠤᠶᠢᠯ ᠤᠨ | ᠴᠢᠬᠤᠯᠠ ᠠᠵᠢᠯ ᠪᠣᠯᠤᠭᠰᠠᠨ ᠤ ᠬᠤᠪᠢ ᠳᠤ᠂ ᠲᠡᠭᠦᠨ ᠤ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠡᠳᠦᠷ ᠳᠤᠳᠤᠮ ᠤᠨ ᠠᠵᠢᠯ ᠲᠠᠢ ᠬᠠᠮᠲᠤ ᠳᠤᠨᠢ ᠲᠥᠯᠥᠪᠵᠢᠭᠦᠯᠵᠦ᠂ ᠬᠠᠮᠲᠤ | ᠳᠤᠨᠢ ᠪᠠᠶᠢᠷᠢᠯᠠᠭᠤᠯᠵᠤ᠂ ᠬᠠᠮᠲᠤ ᠳᠤᠨᠢ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢ | ᠦᠨᠡᠨᠬᠦ ᠰᠡᠳᠬᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯᠯᠠᠭ᠎ᠠ | ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠱᠠᠭᠠᠷᠳᠠᠯᠭ᠎ᠠ ᠳᠤ | ᠴᠢᠭᠯᠡᠭᠦᠯᠦᠨ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠵᠠᠳᠠᠯᠤᠨ ᠰᠤᠳᠤᠯᠵᠤ | ᠮᠠᠭᠠᠳᠯᠠᠬᠤ ᠡᠷᠴᠢᠮ ᠢᠶᠠᠨ ᠴᠢᠩᠭᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠲᠣᠣᠷᠵᠢᠯ ᠤᠨ ᠠᠵᠢᠯᠲᠠᠨ ᠤ | ᠦᠢᠯᠡᠳᠦᠯ ᠢ ᠪᠠᠳᠠᠷᠠᠭᠤᠯᠵᠤ᠂ ᠪᠤᠷᠤᠭᠤ ᠦᠵᠡᠯᠲᠡ ᠶᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ ᠬᠤᠷᠢᠭᠯᠠᠵᠤ᠂ | ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠯᠡ᠃ | | | | |