ᠣᠯᠠᠨᠪᠤᠯᠠᠭ ᠪᠠᠯᠭᠠᠰᠤ ᠰᠠᠶᠢᠨ ᠳᠤᠷ᠎ᠠ ᠶᠢᠨ ᠦᠢᠯᠡᠴᠢᠯᠡᠭᠡ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/12
            ᠣᠶᠢᠷ᠎ᠠ ᠶᠢᠨ ᠡᠳᠦᠷ᠂ ᠰᠢᠨ᠎ᠠ ᠤᠰᠤ ᠭᠠᠴᠠᠭ᠎ᠠ ᠶᠢᠨ ᠨᠠᠮ ᠤᠨ ᠡᠭᠦᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠰᠢᠨ᠎ᠡ ᠴᠠᠭ ᠦᠶ᠎ᠡ ᠶᠢᠨ ᠬᠦᠰᠡᠯ ᠡᠷᠡᠮᠡᠯᠵᠡᠯ — ᠪᠢ ᠣᠯᠠᠨ ᠲᠦᠮᠡᠨ ᠳᠤ ᠪᠣᠳᠠᠲᠠᠢ ᠶᠠᠪᠤᠳᠠᠯ ᠭᠦᠢᠴᠡᠳᠬᠡᠵᠦ ᠥᠭᠬᠦ ᠵᠢᠴᠢ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
     ᠠᠵᠢᠯᠯᠠᠭ᠎ᠠ ᠶᠢᠨ ᠲᠤᠬᠠᠢ ᠶᠢᠨ ᠡᠳᠦᠷ᠂ ᠭᠠᠴᠠᠭᠠᠨ ᠤ ︽ᠬᠤᠶᠠᠷ ᠵᠥᠪᠯᠡᠯ︾᠎ ᠤᠨ ᠭᠡᠰᠢᠭᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡᠨ ᠤ ᠠᠵᠢᠯᠲᠠᠳ ᠠᠶᠢᠯᠴᠢᠯᠠᠨ ᠰᠤᠷᠪᠤᠯᠵᠢᠯᠠᠬᠤ ᠪᠠᠷ ᠳᠡᠮᠵᠢᠨ ᠡᠷᠦᠬᠡ ᠳᠤ ᠣᠷᠣᠵᠤ᠂ ᠭᠠᠴᠠᠭᠠᠨ ᠤ ᠬᠦᠴᠢᠷᠳᠡᠯᠲᠡᠢ ᠣᠯᠠᠨ ᠲᠦᠮᠡᠨ᠂ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠭᠦᠨᠵᠡᠭᠡᠶᠢᠷᠡᠵᠦ᠂ ᠲᠡᠳᠡᠨ ᠳᠤ ᠠᠮᠤ ᠪᠤᠳᠠᠭ᠎ᠠ᠂ ᠦᠨᠢᠶᠡᠨ ᠰᠦ᠂ ᠬᠡᠪ ᠤᠨ ᠴᠠᠢ ᠵᠡᠷᠭᠡ ᠠᠮᠢᠳᠤᠷᠠᠯ ᠤᠨ ᠬᠡᠷᠡᠭᠰᠡᠯ ᠬᠦᠷᠭᠡᠵᠦ ᠥᠭᠬᠦ ᠶᠢᠨ ᠬᠠᠮᠲᠤ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠠᠮᠢᠳᠤᠷᠠᠯ ᠤᠨ ᠪᠠᠶᠢᠳᠠᠯ᠂ ᠪᠡᠶ᠎ᠡ ᠮᠠᠬᠠᠪᠤᠳ ᠤᠨ ᠪᠠᠶᠢᠳᠠᠯ ᠵᠢᠴᠢ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠨᠢ ᠠᠰᠠᠭᠤᠨ ᠯᠠᠪᠯᠠᠵᠤ᠂ ᠪᠠᠰᠠ ᠲᠡᠳᠡᠨ ᠤ ᠲᠤᠬᠠᠢ ᠶᠢᠨ ᠲᠠᠯᠠᠪᠤᠷ ᠲᠤ ᠦᠰᠦ ᠵᠠᠰᠠᠵᠤ᠂ ᠦᠨᠡᠨ ᠰᠡᠳᠬᠢᠯ ᠤᠨ ᠬᠠᠯᠠᠮᠵᠢᠯᠠᠯ ᠢ ᠭᠡᠷ ᠤᠨ ᠡᠭᠦᠳᠡᠨ ᠳᠤᠨᠢ ᠬᠦᠷᠭᠡᠵᠦ ᠥᠭᠪᠡ᠃      
     
           ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠭᠠᠴᠠᠭ᠎ᠠ ᠶᠢᠨ ᠮᠠᠯᠴᠢᠨ ᠲᠠᠷᠢᠶᠠᠴᠢᠳ ᠲᠤ ᠭᠠᠴᠠᠭ᠎ᠠ ᠶᠢᠨ ᠬᠠᠯᠠᠮᠵᠢᠯᠠᠯ ᠪᠠ ᠬᠠᠪᠰᠤᠷᠤᠯᠭ᠎ᠠ ᠶᠢ ᠬᠦᠷᠲᠡᠭᠡᠵᠦ᠂ ᠨᠠᠩ ᠣᠯᠠᠨ ᠬᠠᠶᠢᠷ᠎ᠠ ᠬᠠᠯᠠᠮᠵᠢ ᠶᠢ ᠮᠠᠯᠴᠢᠨ ᠲᠠᠷᠢᠶᠠᠴᠢᠳ ᠤᠨ ᠳᠤᠮᠳᠠ ᠳᠠᠮᠵᠢᠭᠤᠯᠪᠠ᠃ ᠳᠠᠷᠠᠭ᠎ᠠ ᠪᠠᠷ᠂ ᠰᠢᠨ᠎ᠠ ᠤᠰᠤ ᠭᠠᠴᠠᠭ᠎ᠠ ᠶᠢᠨ ᠬᠢᠨ ᠭᠠᠴᠠᠭᠠᠨ ᠤ ᠤᠯᠠᠨ ᠲᠦᠮᠡᠨ ᠳᠤ ᠰᠠᠶᠢᠨ ᠶᠠᠪᠤᠳᠠᠯ ᠭᠦᠢᠴᠡᠳᠬᠡᠬᠦ᠂ ᠪᠣᠳᠠᠲᠠᠢ ᠶᠠᠪᠤᠳᠠᠯ ᠭᠦᠢᠴᠡᠳᠬᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠮᠠᠯᠴᠢᠨ ᠲᠠᠷᠢᠶᠠᠴᠢᠨ ᠢ ᠬᠠᠯᠠᠮᠵᠢᠯᠠᠨ ᠬᠠᠶᠢᠷᠠᠯᠠᠬᠤ ᠠᠵᠢᠯ ᠢ ᠪᠣᠳᠠᠲᠠᠢ᠂ ᠨᠠᠷᠢᠯᠢᠭ᠂ ᠰᠠᠶᠢᠲᠤᠷ ᠭᠦᠢᠴᠡᠳᠬᠡᠵᠦ᠂ ᠤᠶᠤᠨ ᠰᠠᠨᠠᠭ᠎ᠠ᠂ ᠡᠳ᠋ ᠪᠣᠳᠠᠰ ᠤᠨ ᠲᠠᠯ᠎ᠠ ᠪᠠᠷ ᠨᠡᠩ ᠤᠯᠠᠨ ᠪᠣᠳᠠᠲᠤ ᠠᠰᠢᠭ ᠪᠣᠯᠣᠨ ᠬᠠᠪᠰᠤᠷᠤᠯᠭ᠎ᠠ ᠬᠠᠩᠭᠠᠵᠤ᠂ ᠬᠠᠷᠢᠶᠠᠲᠤ ᠣᠷᠣᠨ ᠤ ᠮᠠᠯᠴᠢᠨ ᠲᠠᠷᠢᠶᠠᠴᠢᠨ ᠤ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃              
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号