ᠬᠠᠶᠢᠷ᠎ᠠ ᠬᠠᠯᠠᠮᠵᠢ ᠶᠢ ᠬᠤᠷᠢᠶᠠᠯᠠᠯ ᠳᠤ ᠣᠷᠣᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/12
           ᠠᠨᠳᠠ ᠨᠡᠶᠢᠭᠡᠮ ᠲᠣᠭᠤᠷᠢᠭ ᠤᠨ ᠬᠢᠨ ᠦᠢᠯᠡᠴᠢᠯᠡᠭᠡᠨ ᠤ ᠠᠩᠭᠢ ᠶᠢ ᠤᠷᠢᠵᠤ ᠽᠢ ᠯᠦᠩ ᠮᠧᠨ ᠬᠤᠷᠢᠶᠠᠯᠠᠯ ᠤᠨ ᠠᠵᠢᠯᠯᠠᠭᠠᠨ ᠤ ᠲᠠᠰᠤᠭ ᠲᠤ ᠬᠠᠶᠢᠷ᠎ᠠ ᠬᠠᠯᠠᠮᠵᠢ ᠶᠢ ᠬᠤᠷᠢᠶᠠᠯᠠᠯ ᠳᠤ ᠣᠷᠣᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠨᠠᠰᠤᠲᠠᠶᠢᠴᠤᠳ ᠠᠯᠢ ᠡᠷᠲᠡ ᠬᠥᠳᠡᠯᠭᠡᠭᠡᠨ ᠤ ᠲᠠᠯᠠᠪᠠᠢ ᠳᠤ ᠢᠷᠡᠵᠤ᠂ ᠡᠮᠬᠢ ᠳᠢᠭᠯᠢᠮ ᠲᠠᠢ ᠪᠠᠷ ᠮᠥᠷᠯᠡᠨ ᠬᠦᠯᠢᠶᠡᠵᠦ ᠪᠠᠶᠢᠬᠤ ᠳᠤ᠂ ᠦᠰᠦ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠴᠢᠳ ᠨᠢᠭᠡ ᠲᠠᠯ᠎ᠠ ᠪᠠᠷ ᠨᠠᠰᠤᠲᠠᠶᠢᠴᠤᠳ ᠲᠠᠢ ᠵᠣᠭᠤᠭᠳᠠᠵᠤ᠂ ᠨᠦᠬᠦᠭᠡ ᠲᠠᠯ᠎ᠠ ᠪᠠᠷ ᠨᠠᠰᠤᠲᠠᠶᠢᠴᠤᠳ ᠤᠨ ᠱᠠᠭᠠᠷᠳᠠᠯᠭ᠎ᠠ ᠪᠣᠯᠣᠨ ᠳᠤᠷ᠎ᠠ ᠰᠣᠨᠢᠷᠬᠠᠯ ᠢ ᠦᠨᠳᠦᠰᠦᠯᠡᠨ ᠨᠠᠰᠤᠲᠠᠶᠢᠴᠤᠳ ᠲᠤ ᠭᠡᠵᠢᠭᠡᠨ ᠤ ᠬᠡᠯᠪᠡᠷᠢ ᠶᠢ ᠨᠢ ᠶᠠᠩᠵᠤᠯᠠᠵᠤ᠂ ᠦᠨ᠎ᠡ ᠲᠥᠯᠥᠪᠦᠷᠢ ᠦᠭᠡᠢ ᠦᠢᠯᠡᠴᠢᠯᠡᠭᠡ ᠬᠠᠩᠭᠠᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 15 ᠨᠠᠰᠤᠲᠠᠨ ᠳᠤ ᠦᠰᠤ ᠶᠢ ᠨᠢ ᠵᠠᠰᠠᠵᠤ ᠥᠭᠪᠡ᠃ ᠠᠨᠳᠠ ᠨᠡᠶᠢᠭᠡᠮ ᠲᠣᠭᠤᠷᠢᠭ ᠤᠨ ᠬᠢᠨ ᠪᠠᠰᠠ  ᠬᠥᠮᠥᠰ ᠲᠤ ᠬᠠᠯᠠᠮᠵᠢ ᠶᠢᠨ ︽ᠨᠠᠰᠤᠲᠠᠶᠢᠴᠤᠳ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠡᠩ ᠤᠯᠠᠨ ᠥᠷᠨᠢᠭᠦᠯᠬᠦ ᠪᠣᠯᠣᠨ᠎ᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号