ᠰᠦᠢᠳᠬᠡᠯ ᠬᠤᠷᠢᠶᠠᠬᠤ ᠦᠭᠡᠢ ᠪᠠᠷ ᠦᠰᠦ ᠵᠠᠰᠠᠵᠤ ᠥᠭᠪᠡ
ᠨᠡᠶᠢᠲᠡᠯᠡᠭᠰᠡᠨ ᠴᠠᠭ᠄
2023/4/12
          ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠥᠭᠡᠯᠡᠳ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠨᠢ ᠥᠭᠡᠯᠡᠳ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠲᠠᠢ ᠬᠠᠮᠲᠤᠷᠠᠨ ᠦᠰᠦ ᠵᠠᠰᠠᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠬᠠᠷᠢᠶᠠᠲᠤ ᠣᠷᠣᠨ ᠤ ᠠᠬᠠᠮᠠᠳ᠂ ᠭᠠᠭᠴᠠᠭᠠᠷ ᠰᠠᠭᠤᠭ᠎ᠠ ᠨᠠᠰᠤᠲᠠᠨ ᠪᠠ ᠵᠡᠮᠳᠡᠭᠴᠦᠳ ᠲᠤ ᠰᠦᠢᠳᠬᠡᠯ ᠬᠤᠷᠢᠶᠠᠬᠤ ᠦᠭᠡᠢ ᠪᠠᠷ ᠦᠰᠦ ᠵᠠᠰᠠᠵᠤ ᠥᠭᠪᠡ᠃
                 ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢ ᠨᠠᠷ ᠦᠰᠦ ᠵᠠᠰᠠᠭᠤᠯᠵᠤ᠂ ᠬᠠᠶᠢᠷ᠎ᠠ ᠬᠠᠯᠠᠮᠵᠢ ᠬᠦᠷᠲᠡᠭᠡᠪᠡ᠃      ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠡᠮᠵᠢᠨ᠂ ᠬᠠᠷᠢᠶᠠᠲᠤ ᠣᠷᠣᠨ ᠤ ᠨᠠᠰᠤᠲᠠᠶᠢᠴᠤᠳ ᠲᠤ ᠨᠡᠶᠢᠭᠡᠮ ᠲᠣᠭᠤᠷᠢᠭ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠨᠡᠶᠢᠲᠡ ᠶᠢᠨ ᠬᠠᠯᠠᠮᠵᠢᠯᠠᠯ ᠪᠠ ᠬᠠᠯᠠᠮᠵᠢ ᠶᠢ ᠦᠨᠡᠨᠬᠦ ᠮᠡᠳᠡᠷᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠦᠨ᠂ ᠢᠳᠡᠪᠬᠢ ᠬᠦᠴᠦᠨ ᠢ ᠳᠠᠮᠵᠢᠭᠤᠯᠵᠤ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠦᠨᠳᠦᠯᠡᠬᠦ ᠡᠷᠬᠢᠮ ᠰᠤᠷᠲᠠᠯ ᠢ ᠤᠯᠠᠮᠵᠢᠯᠠᠭᠰᠠᠨ ᠤ ᠬᠠᠮᠲᠤ ᠬᠠᠯᠠᠮᠵᠢᠯᠠᠨ ᠬᠠᠶᠢᠷᠠᠯᠠᠬᠤ᠂ ᠡᠶ᠎ᠡ ᠵᠣᠬᠢᠴᠠᠯ ᠲᠠᠢ᠂ ᠡᠷᠡᠭᠦᠯ ᠰᠠᠷᠠᠭᠤᠯ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠵᠤ᠂ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ ᠡᠭᠦᠨ ᠠᠴᠠ ᠬᠤᠶᠢᠰᠢᠳᠠ᠂ ᠥᠭᠡᠯᠡᠳ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠤ ᠠᠰᠢᠭ ᠬᠦᠷᠲᠡᠭᠡᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠤᠨ ᠬᠡᠷᠡᠭᠴᠡᠭᠡ ᠶᠢ ᠬᠠᠩᠭᠠᠬᠤ ᠪᠣᠯᠣᠨ᠎ᠠ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号