ᠵᠠᠬᠢᠳᠠᠯ ᠰᠣᠷᠪᠤᠯᠵᠢᠯᠠᠭ᠎ᠠ ᠶᠢᠨ ᠲᠣᠭᠲᠠᠪᠤᠷᠢᠲᠠᠢ ᠶᠢ ᠬᠠᠮᠠᠭᠠᠯᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/12
        ᠣᠶᠢᠷ᠎ᠠ ᠶᠢᠨ ᠡᠳᠦᠷ᠂ ᠵᠡᠭᠦᠨ ᠪᠡᠯ ᠪᠠᠯᠭᠠᠰᠤ 2023 ᠣᠨ ᠤ ᠨᠢᠭᠡᠳᠦᠭᠡᠷ ᠤᠯᠠᠷᠢᠯ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠵᠠᠳᠠᠯᠤᠨ ᠰᠤᠳᠤᠯᠵᠤ ᠮᠠᠭᠠᠳᠯᠠᠬᠤ ᠬᠤᠷᠠᠯ  ᠵᠠᠬᠢᠳᠠᠯ ᠰᠣᠷᠪᠤᠯᠵᠢᠯᠠᠭ᠎ᠠ ᠶᠢᠨ ᠲᠣᠭᠲᠠᠪᠤᠷᠢᠲᠠᠢ ᠶᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠲᠣᠮᠢᠯᠠᠭᠰᠠᠨ ᠰᠠᠯᠪᠤᠷᠢ ᠶᠢᠨ ᠬᠠᠷᠢᠭᠤᠴᠠᠯᠭᠠᠲᠠᠨ᠂ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ᠂ ᠵᠠᠩᠭᠢᠯᠠᠭ᠎ᠠ ᠶᠢᠨ ᠺᠠᠳ᠋ᠷ ᠪᠣᠯᠣᠨ ᠬᠠᠮᠢᠶ᠎ᠠ ᠪᠦᠬᠦᠢ ᠺᠠᠳ᠋ᠷ ᠠᠵᠢᠯᠲᠠᠨ ᠢ ᠬᠤᠷᠠᠯ ᠳᠤ ᠣᠷᠣᠯᠴᠠᠭᠤᠯᠵᠠᠢ᠃
           ᠬᠤᠷᠠᠯ ᠠᠴᠠ ᠪᠠᠯᠭᠠᠰᠤᠨ ᠤ ᠬᠠᠷᠢᠶ᠎ᠠ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠦᠨᠳᠦᠰᠦᠨ ᠪᠠᠶᠢᠳᠠᠯ ᠳᠤ ᠵᠠᠳᠠᠯᠤᠯᠲᠠ ᠭᠦᠢᠴᠡᠳᠬᠡᠵᠦ ᠰᠤᠳᠤᠯᠤᠨ ᠮᠠᠭᠠᠳᠯᠠᠯᠲᠠ ᠬᠢᠭᠰᠡᠨ ᠪᠥᠭᠡᠳ 2023 ᠣᠨ ᠤ ᠵᠡᠭᠦᠨ ᠪᠡᠯ ᠪᠠᠯᠭᠠᠰᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠪᠤᠷᠢᠲᠠᠢ ᠶᠢ ᠬᠠᠮᠠᠭᠠᠯᠠᠬᠤ ᠵᠢᠵᠢᠭᠦᠷᠯᠡᠨ ᠰᠠᠬᠢᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      
     
     ᠬᠤᠷᠠᠯ ᠠᠴᠠ᠂ ᠨᠢᠭᠡ ᠳᠤ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠪᠤᠷᠢᠲᠠᠢ ᠶᠢ ᠬᠠᠮᠠᠭᠠᠯᠠᠬᠤ ᠠᠵᠢᠯ ᠢ ᠰᠠᠶᠢᠲᠤᠷ ᠭᠦᠢᠴᠡᠳᠬᠡᠬᠦ ᠶᠢᠨ ᠬᠠᠷᠢᠭᠤᠴᠠᠯᠭ᠎ᠠ ᠬᠦᠨᠳᠦ ᠶᠡᠭᠡ᠂ ᠡᠯ᠎ᠡ ᠭᠠᠴᠠᠭ᠎ᠠ᠂ ᠨᠡᠶᠢᠭᠡᠮ ᠲᠣᠭᠤᠷᠢᠭ᠂ ᠬᠠᠷᠢᠶ᠎ᠠ ᠨᠢᠭᠡᠴᠡ᠂ ᠪᠠᠯᠭᠠᠰᠤᠨ ᠳᠤ ᠰᠠᠭᠤᠭ᠎ᠠ ᠨᠢᠭᠡᠴᠡ ᠨᠦᠭᠦᠳ ᠣᠳᠣᠬᠠᠨ ᠤ ᠪᠠᠶᠢᠳᠠᠯ ᠢ ᠲᠣᠳᠣᠷᠬᠠᠢ ᠲᠠᠨᠢᠵᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠪᠤᠷᠢᠲᠠᠢ ᠶᠢ ᠬᠠᠮᠠᠭᠠᠯᠠᠬᠤ ᠠᠵᠢᠯ ᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠪᠤᠷᠢᠲᠠᠢ ᠶᠢ ᠬᠠᠮᠠᠭᠠᠯᠠᠬᠤ ᠠᠵᠢᠯ ᠤᠨ ᠪᠠᠶᠢᠳᠠᠯ ᠢ ᠣᠨᠣᠪᠴᠢᠲᠠᠶ ᠡᠵᠡᠮᠳᠡᠨ᠂ ᠠᠮᠤᠷ ᠲᠦᠪᠰᠢᠨ ᠲᠣᠭᠲᠠᠪᠤᠷᠢᠲᠠᠢ ᠶᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠭᠦᠢᠴᠡᠳᠬᠡᠵᠦ᠂  ᠨᠡᠶᠢᠭᠡᠮ ᠤᠨ ᠠᠮᠤᠷ ᠲᠦᠪᠰᠢᠨ ᠲᠣᠭᠲᠠᠪᠤᠷᠢᠲᠠᠢ ᠶᠢ ᠡᠷᠴᠢᠮᠲᠡᠢ ᠪᠠᠲᠤᠯᠠᠬᠤ ᠬᠡᠷᠡᠭᠲᠡᠢ᠃ ᠬᠤᠶᠠᠷ ᠲᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠮᠠᠨ ᠤ ᠪᠠᠯᠭᠠᠰᠤᠨ ᠤ ᠎ ᠬᠢᠨ ᠰᠦᠯᠵᠢᠶᠡᠨ ᠤ ᠬᠠᠮᠢᠶᠠᠷᠤᠯᠲᠠ ᠶᠢ ᠶᠠᠪᠤᠭᠳᠠᠭᠤᠯᠵᠤ᠂ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠪᠡᠶ᠎ᠡ ᠪᠠᠷ ᠢᠶᠠᠨ ᠠᠳᠬᠤᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠬᠤ᠂ ᠠᠵᠢᠯ ᠤᠨ ᠬᠤᠪᠢᠶᠠᠷᠢᠯᠠᠯ ᠢ ᠲᠣᠳᠣᠷᠬᠠᠢ ᠪᠠᠶᠢᠯᠭᠠᠬᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠠᠲᠤᠯᠠᠵᠤ᠂ ᠲᠣᠭᠲᠠᠪᠤᠷᠢᠲᠠᠢ ᠪᠠᠷ ᠡᠵᠡᠮᠳᠡᠬᠦ ᠠᠵᠢᠯᠲᠠᠨ ᠳᠤ ᠢᠳᠡᠪᠬᠢᠲᠡᠢ ᠪᠠᠷ ᠣᠶᠢᠯᠠᠭᠠᠨ ᠪᠠᠶᠢᠴᠠᠭᠠᠵᠤ᠂ ᠬᠠᠷᠢᠶ᠎ᠠ ᠣᠷᠣᠨ ᠤ ᠳᠣᠲᠣᠷᠠᠬᠢ ᠭᠤᠣᠯᠳᠠᠯᠭ᠎ᠠ ᠲᠠᠢ ᠬᠥᠮᠥᠰ ᠪᠠ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠵᠢᠭᠯᠠᠵᠤ᠂ ᠲᠡᠳᠡᠨ ᠤ ᠦᠵᠡᠯ ᠰᠠᠨᠠᠭᠠᠨ ᠤ ᠬᠠᠨᠳᠤᠰᠢ ᠶᠢ ᠴᠠᠭ ᠲᠤᠬᠠᠢ ᠎ ᠳᠤᠨᠢ ᠣᠶᠢᠯᠠᠭᠠᠬᠤ ᠶᠢᠨ ᠬᠠᠮᠲᠤ ᠡᠵᠡᠮᠰᠢᠵᠦ᠂ ᠦᠶᠯᠡ ᠠᠵᠢᠯᠯᠠᠭ᠎ᠠ ᠶᠢᠨ ᠵᠠᠮ ᠮᠥᠷ ᠢ ᠨᠢ ᠵᠠᠳᠠᠯᠵᠤ᠂ ︽ᠡᠳᠦᠷ ᠤᠨ ᠮᠡᠳᠡᠭᠦᠯᠦᠯᠲᠡ︾ ︽ᠡᠳᠦᠷ ᠤᠨ ᠰᠤᠳᠤᠯᠤᠨ ᠮᠠᠭᠠᠳᠯᠠᠯᠲᠠ︾᠎ ᠶᠢ ᠪᠠᠷᠢᠮᠲᠠᠯᠠᠬᠤ ᠶᠢᠨ ᠬᠠᠮᠲᠤ᠂ ᠲᠤᠰᠬᠠᠢ ᠬᠥᠮᠥᠨ ᠵᠢᠭᠠᠨ ᠲᠣᠭᠲᠠᠭᠠᠵᠤ ᠮᠡᠳᠡᠭᠦᠯᠦᠨ ᠬᠦᠷᠭᠡᠬᠦ ᠶᠢ ᠬᠠᠷᠢᠭᠤᠴᠠᠭᠤᠯᠵᠤ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ ᠪᠠᠶᠢᠳᠠᠯ ᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠨᠢᠭᠡᠴᠡ᠂ ᠰᠠᠯᠠᠭ᠎ᠠ ᠲᠠᠰᠤᠭ ᠪᠣᠯᠣᠨ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠬᠠᠮᠲᠤᠷᠠᠨ ᠰᠢᠢᠳᠪᠦᠷᠢᠯᠡᠭᠰᠡᠨ ᠲᠣᠪᠣᠶᠢᠮ᠎ᠠ ᠵᠥᠷᠢᠴᠡᠯ ᠪᠠ ᠠᠰᠠᠭᠤᠳᠠᠯ ᠢ ᠬᠠᠷᠢᠯᠴᠠᠨ ᠬᠠᠮᠵᠢᠯᠴᠠᠬᠤ ᠶᠢᠨ ᠬᠠᠮᠲᠤ ᠪᠠᠰᠠ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ᠂ ᠶᠡᠭᠡ ᠬᠡᠪᠴᠢᠶ᠎ᠡ ᠪᠠᠷ ᠬᠠᠮᠲᠤ ᠪᠠᠷ ᠳᠡᠭᠡᠭᠰᠢ ᠰᠤᠷᠪᠤᠯᠵᠢᠯᠠᠬᠤ᠂ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠪᠥᠬᠦ ᠪᠠᠯᠭᠠᠰᠤᠨ ᠤ ᠶᠡᠭᠡ ᠲᠠᠯ᠎ᠠ ᠶᠢᠨ ᠲᠣᠭᠲᠠᠪᠤᠷᠢᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠢ᠃ ᠪᠠᠯᠭᠠᠰᠤᠨ ᠤ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠭᠡᠷ ᠤᠨ ᠬᠢᠨ ᠬᠢᠨᠠᠯᠲᠠ ᠲᠠᠯᠪᠢᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠨᠠᠷᠢᠪᠴᠢᠯᠠᠨ ᠪᠠᠶᠢᠴᠠᠭᠠᠬᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯ ᠢ ᠰᠢᠢᠳᠪᠦᠷᠢᠯᠡᠬᠦ ᠠᠬᠢᠴᠠ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠤᠯᠲᠠ ᠵᠡᠷᠭᠡ ᠲᠠᠯ᠎ᠠ ᠪᠠᠷ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠪᠤᠷᠢᠲᠠᠢ ᠶᠢ ᠬᠠᠮᠠᠭᠠᠯᠠᠬᠤ ᠠᠵᠢᠯ ᠤᠨ ᠳᠤᠮᠳᠠ ᠬᠠᠷᠢᠯᠴᠠᠨ ᠲᠦᠯᠬᠢᠯᠴᠡᠵᠦ᠂ ᠠᠵᠢᠯᠯᠠᠭ᠎ᠠ ᠨᠢ ᠤᠳᠠᠭᠠᠨ᠂ ᠠᠷᠭ᠎ᠠ ᠬᠡᠮᠵᠢᠶ᠎ᠡ ᠨᠢ ᠬᠦᠴᠦᠨ ᠦᠭᠡᠢ ᠠᠴᠠ ᠪᠣᠯᠵᠤ ᠮᠠᠭᠤ ᠨᠥᠯᠥᠭᠡ ᠭᠠᠷᠭᠠᠭᠰᠠᠨ ᠪᠠᠶᠢᠪᠠᠯ ᠴᠢᠩᠭ᠎ᠠ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠪᠤᠷᠢᠲᠠᠢ ᠶᠢ ᠬᠠᠮᠠᠭᠠᠯᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠲᠦᠯᠬᠢᠨ ᠠᠬᠢᠭᠤᠯᠬᠤ ᠬᠡᠷᠡᠭᠲᠡᠢ ᠭᠡᠯ᠎ᠡ᠃
 
ᠢᠷᠡᠯᠲᠡ᠄ ᠵᠡᠭᠦᠨ ᠪᠡᠯ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号