2017 ᠣᠨ ᠠᠴᠠ ᠨᠠᠰᠢᠬᠢ ᠡᠯ᠎ᠡ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ︽ᠡᠷᠭᠢᠵᠦ ᠦᠵᠡᠬᠦ︾ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/4/12
          ᠣᠶᠢᠷ᠎ᠠ ᠶᠢᠨ ᠡᠳᠦᠷ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠯᠢᠦ ᠴᠠᠩ ᠱᠧᠩ ᠪᠦᠯᠬᠦᠮ ᠳᠠᠭᠠᠭᠤᠯᠤᠨ ᠵᠡᠭᠦᠨ ᠪᠡᠯ ᠪᠠᠯᠭᠠᠰᠤᠨ ᠳᠤ ᠬᠦᠷᠴᠦ 2017 ᠣᠨ ᠠᠴᠠ ᠨᠠᠰᠢᠬᠢ ᠡᠯ᠎ᠡ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ︽ᠡᠷᠬᠢᠨ ᠬᠠᠷᠠᠬᠤ︾ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃ ᠵᠡᠭᠦᠨ ᠪᠡᠯ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠭᠦᠨ ᠲᠤᠰᠬᠠᠢ ᠪᠠᠶᠢᠴᠠᠭᠠᠯᠲᠠ ᠶᠢᠨ ᠬᠠᠷᠢᠭᠤ ᠲᠤᠰᠬᠠᠬᠤ ᠬᠤᠷᠠᠯ ᠳᠤ ᠣᠷᠣᠯᠴᠠᠪᠠ᠃
     ᠬᠤᠷᠠᠯ ᠠᠴᠠ 2017 ᠣᠨ ᠠᠴᠠ ᠨᠠᠰᠢᠬᠢ ᠡᠯ᠎ᠡ ᠱᠠᠲᠤᠨ ᠤ ᠲᠣᠭᠤᠷᠢᠨ ᠪᠠᠶᠢᠴᠠᠭᠠᠵᠤ‌‍ᠴᠡᠭᠴᠡᠯᠡᠨ ᠰᠠᠶᠢᠵᠢᠷᠠᠭᠤᠯᠬᠤ ᠠᠵᠢᠯ ᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢᠨ ᠶᠠᠷᠢᠶ᠎ᠠ ᠲᠠᠯᠪᠢᠵᠠᠢ᠃ ᠬᠤᠷᠠᠯ ᠤᠨ ᠳᠠᠷᠠᠭ᠎ᠠ᠂ ᠪᠠᠶᠢᠴᠠᠭᠠᠬᠤ ᠳᠤᠭᠤᠶᠢᠯᠠᠩ ᠤᠨ ᠬᠢᠨ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠷᠢᠭᠤ ᠲᠤᠰᠬᠠᠭᠰᠠᠨ ᠰᠠᠨᠠᠯ ᠪᠠ ᠠᠰᠠᠭᠤᠳᠠᠯ ᠤᠨ ᠪᠠᠶᠢᠳᠠᠯ ᠲᠠᠢ ᠬᠠᠷᠢᠴᠠᠭᠤᠯᠤᠨ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠠᠵᠢᠯ ᠤᠨ ᠦᠷ᠎ᠡ ᠪᠦᠲᠦᠮᠵᠢ ᠶᠢ ᠨᠢᠭᠡᠳ ᠨᠢᠭᠡ ᠪᠠᠷ ᠬᠠᠷᠭᠤᠭᠤᠯᠤᠨ ᠲᠣᠳᠣᠯᠠᠪᠠ᠃      ᠪᠠᠶᠢᠴᠠᠭᠠᠬᠤ ᠳᠤᠭᠤᠶᠢᠯᠠᠩ ᠤᠨ ᠬᠢᠨ ᠵᠡᠭᠦᠨ ᠪᠡᠯ ᠪᠠᠯᠭᠠᠰᠤᠨ ᠤ ᠨᠠᠮ ᠤᠨ ᠬᠤᠷᠢᠶ᠎ᠠ ᠵᠢᠴᠢ ᠤᠷᠲᠤᠳᠬᠠᠨ ᠲᠣᠭᠤᠷᠢᠨ ᠪᠠᠶᠢᠴᠠᠭᠠᠬᠤ ᠳᠤ ᠬᠠᠷᠢᠶᠠᠯᠠᠭᠳᠠᠬᠤ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠶᠢᠮᠠᠭ ᠤᠨ ᠨᠠᠮ ᠤᠨ ᠬᠤᠷᠢᠶ᠎ᠠ ᠶᠢᠨ 2018 ᠣᠨ ᠤ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠪᠠ 2019 ᠣᠨ ᠤ ᠶᠠᠳᠠᠭᠤᠷᠠᠯ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠭᠰᠠᠨ︾ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠤᠲᠠᠯᠠᠪᠠ᠃ ᠡᠭᠦᠨ ᠤ ᠬᠠᠮᠲᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ᠂ ᠲᠣᠰ ᠤᠳᠠᠭ᠎ᠠ ᠶᠢᠨ ︽ᠡᠷᠬᠢᠨ ᠬᠠᠷᠠᠬᠤ︾ ᠲᠤᠰᠬᠠᠢ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠨ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠡᠳᠦᠷ ᠲᠤᠲᠤᠮ ᠤᠨ ᠠᠵᠢᠯ ᠳᠤ ᠠᠭᠤᠰᠤᠯᠴᠠᠭᠤᠯᠬᠤ ᠶᠢ ᠠᠬᠢᠭᠤᠯᠵᠤ᠂ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃      ᠲᠤᠰᠬᠠᠢ ᠪᠠᠶᠢᠴᠠᠭᠠᠯᠲᠠ ᠶᠢᠨ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠦᠨᠡᠨᠴᠢ ᠪᠠᠷ ᠭᠥᠯᠢᠶᠡᠨ ᠠᠪᠴᠤ᠂ ᠪᠥᠬᠦ ᠲᠠᠯ᠎ᠠ ᠪᠠᠷ ᠲᠠᠨᠢᠵᠤ᠂ ᠲᠤᠰᠬᠠᠢ ᠪᠠᠶᠢᠴᠠᠭᠠᠯᠲᠠ ᠶᠢᠨ ᠰᠠᠨᠠᠯ ᠢ ᠨᠠᠶᠢᠳᠠᠪᠤᠷᠢᠵᠢᠭᠤᠯᠬᠤ ᠶᠢ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠬᠦᠴᠦᠲᠡᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠵᠦᠢᠯ ᠵᠤᠷᠪᠤᠰ ᠳᠠᠷᠠᠭᠠᠯᠠᠨ ᠰᠠᠶᠢᠲᠤᠷ ᠠᠳᠬᠤᠵᠤ᠂ ᠬᠠᠭᠠᠴᠠᠨ ᠪᠠᠶᠢᠭᠤᠯᠤᠭᠰᠠᠨ ᠪᠠᠯᠭᠠᠰᠤᠨ ᠤ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠪᠠ᠃  
 
ᠢᠷᠡᠯᠲᠡ᠄ ᠵᠡᠭᠦᠨ ᠪᠡᠯ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号