ᠣᠯᠠᠨᠪᠤᠯᠠᠭ ᠪᠠᠯᠭᠠᠰᠤ  ᠬᠡᠤᠬᠡᠳ ᠤᠳ ᠢ ᠬᠠᠯᠠᠮᠵᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/12
       ᠣᠶᠢᠷ᠎ᠠ ᠶᠢᠨ ᠡᠳᠦᠷ᠂  ᠪᠠᠯᠭᠠᠰᠤᠨ ᠤ ᠬᠠᠮᠢᠶ᠎ᠠ ᠪᠦᠬᠦᠢ ᠠᠵᠢᠯᠲᠠᠨ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶᠎ ᠶᠢᠨ ᠬᠡᠦᠬᠡᠳ ᠤᠨ ᠡᠷᠬᠢᠯᠡᠭᠴᠢ᠂ ᠰᠠᠶᠢᠨ ᠳᠤᠷ᠎ᠠ ᠶᠢᠨ ᠠᠵᠢᠯᠯᠠᠭᠴᠢᠳ 7 ᠡᠷᠦᠬᠡ ᠳᠤ ᠬᠦᠷᠴᠦ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠶᠢ ᠰᠤᠷᠪᠤᠯᠵᠢᠯᠠᠵᠤ᠂ ᠲᠡᠳᠡᠨ ᠳᠤ ᠬᠠᠶᠢᠷ᠎ᠠ ᠬᠠᠯᠠᠮᠵᠢ ᠪᠠ ᠨᠠᠶᠢᠳᠠᠯᠭ᠎ᠠ᠂ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ᠂ ᠲᠡᠮᠳᠡᠭᠯᠡᠯ ᠤᠨ ᠳᠡᠪᠲᠡᠷ᠂ ᠪᠢᠷ ᠵᠡᠷᠭᠡ ᠰᠤᠷᠤᠯᠭ᠎ᠠ ᠶᠢᠨ ᠬᠡᠷᠡᠭᠰᠡᠯ ᠪᠠ ᠪᠤᠳᠠᠭᠠᠨ ᠭᠤᠯᠢᠷ ᠤᠨ ᠲᠣᠰᠣ ᠵᠡᠷᠭᠡ ᠠᠮᠢᠳᠤᠷᠠᠯ ᠤᠨ ᠬᠡᠷᠡᠭᠰᠡᠯ ᠢ ᠬᠦᠷᠭᠡᠵᠦ ᠥᠭᠪᠡ᠃
     ᠬᠡᠦᠬᠡᠳ ᠪᠣᠯ ᠤᠯᠤᠰ ᠣᠷᠣᠨ ᠤ ᠬᠦᠰᠡᠯ ᠡᠷᠡᠮᠡᠯᠵᠡᠯ᠂ ᠦᠨᠳᠦᠰᠦᠲᠡᠨ ᠤ ᠢᠷᠡᠭᠡᠳᠦᠢ ᠮᠥᠨ᠃ ᠳᠠᠷᠠᠭ᠎ᠠ ᠎ ᠪᠠᠷ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠭᠦᠢᠴᠡᠳᠬᠡᠵᠦ ᠥᠭᠬᠦ︾ ᠠᠵᠢᠯᠯᠠᠭ᠎ᠠ ᠶᠢ ᠡᠷᠴᠢᠮᠲᠡᠢ ᠦᠢᠯᠡᠳᠦᠯᠭᠡᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠎ ᠶᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠶᠢᠭᠤᠯᠭ᠎ᠠ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠶᠢᠭᠤᠯᠬᠤ ᠶᠢ ᠠᠬᠢᠭᠤᠯᠵᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠲᠡᠳᠡᠨ ᠤ ᠰᠡᠳᠬᠢᠴᠡ ᠶᠢᠨ ᠬᠡᠷᠡᠭᠴᠡᠭᠡ ᠪᠠ ᠦᠰᠦᠨ ᠪᠤᠶᠢᠵᠢᠯᠲᠠ ᠶᠢᠨ ᠬᠡᠷᠡᠭᠴᠡᠭᠡ ᠠᠴᠠ ᠡᠭᠦᠰᠴᠦ᠂ ᠬᠡᠦᠬᠡᠳ ᠲᠤ ᠬᠠᠨᠳᠤᠯᠭ᠎ᠠ ᠲᠠᠢ ᠪᠠᠷ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠬᠠᠶᠢᠷ᠎ᠠ ᠬᠠᠯᠠᠮᠵᠢ᠂ ᠦᠵᠡᠯ ᠰᠠᠨᠠᠭᠠᠨ ᠤ ᠵᠢᠯᠣᠭᠤᠳᠤᠯᠭ᠎ᠠ᠂ ᠬᠢᠴᠢᠶᠡᠯ ᠰᠤᠷᠤᠯᠭ᠎ᠠ ᠶᠢᠨ ᠬᠠᠪᠰᠤᠷᠤᠨ ᠵᠢᠯᠣᠭᠤᠳᠤᠯᠭ᠎ᠠ ᠵᠡᠷᠭᠡ ᠠᠳᠠᠯᠢ ᠪᠤᠰᠤ ᠬᠡᠯᠪᠡᠷᠢ ᠶᠢᠨ ᠬᠠᠶᠢᠷ᠎ᠠ ᠬᠠᠯᠠᠮᠵᠢ ᠶᠢᠨ ᠦᠢᠯᠡᠴᠢᠯᠡᠭᠡ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠨᠡᠶᠢᠭᠡᠮ ᠵᠢᠷᠤᠮ ᠤᠨ ᠪᠣᠯᠪᠠᠰᠤᠨ ᠤ ᠰᠢᠨ᠎ᠡ ᠰᠤᠷᠲᠠᠯ ᠢ ᠪᠠᠳᠠᠷᠠᠭᠤᠯᠤᠨ᠂ ᠣᠯᠠᠨᠪᠤᠯᠠᠭ ᠣᠷᠣᠨ ᠤ ᠡᠶ᠎ᠡ ᠵᠣᠬᠢᠴᠠᠯ ᠲᠠᠢ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠦᠨ᠎ᠡ᠃            
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号