ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/4/12
      ᠣᠶᠢᠷ᠎ᠠ ᠶᠢᠨ ᠡᠳᠦᠷ᠂ ᠰᠢᠤᠸᠠᠢ ᠶᠤᠸᠠᠨ ᠳ᠋ᠦᠩ ᠨᠡᠶᠢᠭᠡᠮ ᠲᠣᠭᠤᠷᠢᠭ ᠤᠨ ᠬᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠲᠠᠢ ᠬᠠᠮᠲᠤᠷᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠵᠠᠰᠠᠨ ᠴᠡᠭᠴᠡᠯᠡᠵᠦ ᠪᠠᠶᠢᠴᠠᠭᠠᠨ ᠭᠠᠷᠭᠠᠬᠤ ᠠᠵᠢᠯ ᠢ ᠥᠷᠨᠢᠭᠦᠯᠵᠦ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠷᠢᠶᠠᠲᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠳᠤ ᠰᠠᠭᠤᠷᠢ ᠲᠠᠯᠪᠢᠵᠤ ᠥᠭᠪᠡ᠃
     ᠬᠤᠶᠢᠰᠢᠳᠠ᠂ ᠰᠢᠤᠸᠠᠢ ᠶᠤᠸᠠᠨ ᠳ᠋ᠦᠩ ᠨᠡᠶᠢᠭᠡᠮ ᠲᠣᠭᠤᠷᠢᠭ ᠤᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠡᠷᠴᠢᠮ ᠪᠣᠯᠣᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠶᠠᠲᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠠᠬᠢᠨ ᠳᠡᠭᠡᠭᠰᠢᠯᠡᠭᠦᠯᠬᠦ᠂ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃      
 
ᠢᠷᠡᠯᠲᠡ᠄ ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号