ᠵᠡᠭᠦᠨ ᠪᠡᠯ ᠪᠠᠯᠭᠠᠰᠤ ᠡᠪᠡᠳᠴᠢᠲᠡᠨ ᠢ ᠪᠣᠯᠭᠤᠭᠠᠨ ᠲᠣᠬᠤᠨᠢᠭᠤᠯᠵᠤ ᠬᠠᠯᠠᠮᠵᠢ ᠶᠢᠨ ᠦᠢᠯᠡᠴᠢᠯᠡᠭᠡ ᠶᠢᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/4/12
         ᠵᠡᠭᠦᠨ ᠪᠡᠯ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︵ᠳᠤᠮᠳᠠ ᠠᠩᠭᠢ︶ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠵᠡᠭᠦᠨ ᠪᠡᠯ ᠳᠤᠮᠳᠠ ᠠᠩᠭᠢ ᠶᠢᠨ ᠡᠪᠡᠳᠴᠢᠯᠡᠭᠰᠡᠨ ᠠᠵᠢᠯᠲᠠᠨ ᠰᠢᠦᠢ ᠣᠪᠣᠭᠲᠤ ᠶᠢ ᠪᠣᠯᠭᠤᠭᠠᠨ ᠲᠣᠬᠤᠨᠢᠭᠤᠯᠪᠠ᠃
     ᠪᠣᠯᠭᠤᠭᠠᠨ ᠲᠣᠬᠤᠨᠢᠭᠤᠯᠬᠤ ᠶᠠᠪᠤᠴᠠ ᠳᠤ᠂ ᠵᠡᠭᠦᠨ ᠪᠡᠯ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠡᠪᠡᠳᠴᠢᠯᠡᠭᠰᠡᠨ ᠠᠵᠢᠯᠲᠠᠨ ᠤ ᠡᠪᠡᠳᠴᠢᠨ ᠤ ᠪᠠᠶᠢᠳᠠᠯ ᠵᠢᠴᠢ ᠡᠮᠨᠡᠨ ᠵᠠᠰᠠᠭᠰᠠᠨ ᠪᠠᠶᠢᠳᠠᠯ ᠢ ᠨᠠᠷᠢᠨ ᠠᠰᠠᠭᠤᠵᠤ᠂ ᠪᠣᠯᠭᠤᠭᠠᠨ ᠲᠣᠬᠤᠨᠢᠭᠤᠯᠬᠤ ᠮᠥᠩᠭᠦ ᠬᠦᠷᠭᠡᠵᠦ᠂ ᠲᠡᠭᠦᠨ ᠳᠤ ᠡᠷᠬᠡᠪᠰᠢ ᠡᠮᠴᠢ ᠲᠠᠢ ᠬᠦᠯᠢᠴᠡᠩᠭᠦᠢ ᠪᠠᠷ ᠬᠠᠮᠵᠢᠯᠴᠠᠨ ᠰᠠᠶᠢᠲᠤᠷ ᠡᠮᠨᠡᠨ ᠵᠠᠰᠠᠵᠤ᠂ ᠪᠡᠶ᠎ᠡ ᠮᠠᠬᠠᠪᠤᠳ ᠢᠶᠠᠨ ᠰᠠᠶᠢᠲᠤᠷ ᠵᠣᠬᠢᠴᠠᠭᠤᠯᠵᠤ᠂ ᠪᠠᠶᠠᠰᠤᠩᠭᠤᠢ ᠰᠡᠳᠬᠢᠯᠭᠡ ᠲᠠᠢ ᠪᠠᠶᠢᠵᠤ᠂ ᠠᠮᠢᠳᠤᠷᠠᠯ ᠤᠨ ᠬᠦᠴᠢᠷ ᠠᠰᠠᠭᠤᠳᠠᠯ ᠪᠣᠯᠣᠨ ᠰᠣᠷᠢᠯᠲᠠ ᠶᠢ ᠢᠳᠡᠪᠬᠢᠲᠡᠢ ᠠᠷᠭᠠᠴᠠᠵᠤ᠂ ᠡᠷᠲᠡᠬᠡᠨ ᠡᠷᠡᠭᠦᠯᠵᠢᠬᠦ ᠪᠠᠷ ᠴᠢᠷᠮᠠᠶᠢᠬᠤ ᠬᠡᠷᠡᠭᠲᠡᠢ ᠭᠡᠵᠦ ᠵᠠᠬᠢᠪᠠ᠃        
 
ᠢᠷᠡᠯᠲᠡ᠄ ᠵᠡᠭᠦᠨ ᠪᠡᠯ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号