ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠲᠤᠰᠬᠠᠢ ᠪᠠᠶᠢᠴᠠᠭᠠᠯᠲᠠ ᠭᠦᠢᠴᠡᠳᠬᠡᠪᠡ
ᠨᠡᠶᠢᠲᠡᠯᠡᠭᠰᠡᠨ ᠴᠠᠭ᠄
2023/4/12
      ᠣᠶᠢᠷ᠎ᠠ ᠶᠢᠨ ᠡᠳᠦᠷ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠨ ᠪᠠᠶᠢᠴᠠᠭᠠᠬᠤ ᠵᠢᠷᠭᠤᠳᠤᠭᠠᠷ ᠳᠤᠭᠤᠶᠢᠯᠠᠩ ᠎ ᠠᠴᠠ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 2017 ᠣᠨ ᠠᠴᠠ ᠨᠠᠰᠢᠬᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠲᠤᠰᠬᠠᠢ ᠪᠠᠶᠢᠴᠠᠭᠠᠵᠠᠢ᠃ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠬᠠᠷᠢᠭᠤ ᠮᠡᠳᠡᠭᠦᠯᠦᠯᠲᠡ ᠭᠦᠢᠴᠡᠳᠬᠡᠵᠦ᠂ ᠪᠠᠭ ᠤᠨ ᠪᠦᠷᠢᠯᠳᠦᠭᠦᠨ ᠵᠢᠴᠢ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠣᠯᠴᠠᠵᠠᠢ᠃
     ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠲᠣᠰ ᠤᠳᠠᠭᠠᠨ ᠤ ᠲᠤᠰᠬᠠᠢ ᠪᠠᠶᠢᠴᠠᠭᠠᠯᠲᠠ ᠶᠢ ᠦᠨᠳᠦᠰᠦᠯᠡᠨ᠂ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠨ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ︽ᠠᠩᠬᠠᠷᠴᠤ︾᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ ︽ᠠᠳᠬᠤᠵᠤ︾᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠦᠨᠡᠨ ᠬᠠᠮᠢᠶᠠᠷᠴᠤ ᠦᠨᠡᠨ ᠴᠢᠩᠭ᠎ᠠ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠭ᠎ᠠ᠂ ᠣᠷᠳᠣ ᠬᠤᠭᠤᠴᠠᠭ᠎ᠠ ᠪᠠᠷ ᠬᠠᠮᠢᠶᠠᠷᠴᠤ ᠣᠷᠳᠣ ᠬᠤᠭᠤᠴᠠᠭ᠎ᠠ ᠪᠠᠷ ᠴᠢᠩᠭ᠎ᠠ ᠪᠠᠶᠢᠬᠤ ᠠᠵᠢᠯ ᠤᠨ ᠣᠷᠴᠢᠨ ᠨᠥᠬᠦᠴᠡᠯ ᠢ ᠪᠣᠶ ᠪᠣᠯᠭᠠᠬᠤ ᠶᠢ ᠲᠦᠯᠬᠢᠨ ᠠᠬᠢᠭᠤᠯᠵᠤ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠶᠢ ᠤᠯᠠᠮ ᠠᠬᠢᠭᠤᠯᠤᠨ᠎ᠠ᠃  
 
ᠢᠷᠡᠯᠲᠡ᠄ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号