ᠭᠠᠯ ᠲᠦᠢᠮᠡᠷ ᠢ ᠤᠨᠲᠠᠷᠠᠭᠠᠬᠤ ᠠᠶᠤᠯᠭᠦᠢ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/4/12
        ᠣᠶᠢᠷ᠎ᠠ ᠶᠢᠨ ᠡᠳᠦᠷ᠂ ᠵᠡᠭᠦᠨ ᠪᠡᠯ ᠪᠠᠯᠭᠠᠰᠤᠨ ᠤ ᠵᠠᠰᠠᠭ ᠤᠨ ᠣᠷᠳᠣᠨ ᠢᠶᠠᠷ ᠤᠳᠤᠷᠢᠳᠴᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ 5 ᠬᠠᠷᠢᠶᠠᠲᠤ ᠣᠷᠣᠨ ᠤ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠶᠦᠯᠭᠦᠢ ᠦᠢᠯᠡᠳᠪᠦᠷᠢᠯᠡᠯ ᠵᠢᠴᠢ ᠭᠠᠯ ᠲᠦᠢᠮᠡᠷ ᠢ ᠤᠨᠲᠠᠷᠠᠭᠠᠬᠤ ᠠᠶᠤᠯᠭᠦᠢ ᠶᠢᠨ ᠶᠡᠭᠡ ᠪᠠᠶᠢᠴᠠᠭᠠᠯᠲᠠ ᠶᠢ ᠥᠷᠨᠢᠭᠦᠯᠪᠡ᠃
     ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠴᠠᠭ᠂ ᠡᠨᠡ ᠵᠢᠯ ᠤᠨ ᠦᠢᠯᠡᠳᠪᠦᠷᠢᠯᠡᠯ ᠤᠨ ᠲᠥᠯᠥᠪᠯᠡᠭᠡ ᠵᠢᠴᠢ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠬᠥᠮᠦᠵᠢᠯ ᠰᠤᠷᠭᠠᠯᠲᠠ᠂ ᠠᠶᠦᠯᠭᠦᠢ ᠦᠢᠯᠡᠳᠪᠦᠷᠢᠯᠡᠯ ᠤᠨ ᠳᠠᠯᠳᠠ ᠬᠡᠮ ᠢ ᠨᠠᠷᠢᠪᠴᠢᠯᠠᠨ ᠪᠠᠶᠢᠴᠠᠭᠠᠬᠤ ᠡᠬᠡ ᠲᠠᠩᠰᠠ᠂ ᠭᠠᠯ ᠤᠨ ᠠᠶᠤᠯ ᠤᠨᠲᠠᠷᠠᠭᠠᠭᠤᠷ ᠵᠢᠴᠢ ᠭᠠᠯ ᠤᠨ ᠠᠶᠤᠯ ᠤᠨᠲᠠᠷᠠᠭᠠᠭᠤᠯ ᠤᠨ ᠲᠣᠬᠢᠷᠠᠭᠤᠯᠤᠯᠲᠠ ᠨᠢ ᠪᠠᠷᠢᠮᠵᠢᠶ᠎ᠠ ᠳᠤ ᠨᠡᠶᠢᠴᠡᠬᠦ ᠡᠰᠡᠬᠦ᠂ ᠲᠠᠷᠬᠠᠭᠠᠬᠤ ᠵᠠᠮ ᠵᠢᠴᠢ ᠠᠶᠤᠯ ᠦᠭᠡᠢ ᠭᠠᠷᠬᠤ ᠵᠠᠮ ᠤᠨ ᠰᠠᠭᠠᠳ ᠦᠭᠡᠢ ᠨᠡᠪᠲᠡᠷᠡᠭᠰᠡᠨ ᠡᠰᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠥᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠪᠠ᠃ ᠲᠣᠰ ᠤᠳᠠᠭᠠᠨ ᠤ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠪᠠ ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠷᠭᠦᠯᠵᠢᠯᠡᠨ ᠳᠠᠭᠠᠵᠤ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠵᠠᠢ᠃
      ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠠᠴᠠ ᠠᠵᠤ ᠠᠬᠤᠶᠢᠯᠠᠯ ᠢ ᠴᠠᠭ ᠲᠤᠬᠠᠢ ᠳᠤᠨᠢ ᠬᠠᠨᠳᠤᠯᠭᠠᠲᠤ ᠴᠢᠨᠠᠷᠲᠠᠢ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠥᠷᠨᠢᠭᠦᠯᠵᠦ᠂ ᠬᠤᠯᠪᠣᠭᠳᠠᠯ ᠪᠦᠬᠦᠢ ᠬᠥᠮᠦᠵᠢᠯ ᠪᠣᠯᠪᠠᠰᠤᠷᠠᠯ ᠤᠨ ᠲᠡᠮᠳᠡᠭᠯᠡᠯ ᠢ ᠰᠠᠶᠢᠲᠤᠷ ᠭᠦᠢᠴᠡᠳᠬᠡᠵᠦ᠂ ᠡᠯ᠎ᠡ ᠲᠦᠷᠦᠯ ᠤᠨ ᠪᠠᠷᠢᠯᠭ᠎ᠠ ᠶᠢᠨ ᠠᠵᠢᠯᠲᠠᠳ ᠤᠨ ᠪᠠᠷᠢᠯᠭ᠎ᠠ ᠶᠢᠨ ᠣᠷᠣᠨ ᠪᠦᠰᠡ ᠳᠤ ᠣᠷᠣᠰᠢᠵᠤ ᠪᠠᠶᠢᠭ᠎ᠠ ᠠᠶᠤᠯ ᠤᠨ ᠡᠬᠢ ᠰᠤᠷᠪᠤᠯᠵᠢ ᠶᠢ ᠣᠶᠢᠯᠠᠭᠠᠬᠤ ᠶᠢ ᠪᠠᠲᠤᠯᠠᠵᠤ᠂ ᠠᠵᠢᠯᠯᠠᠵᠤ ᠪᠠᠶᠢᠭ᠎ᠠ ᠬᠥᠮᠥᠰ ᠤᠨ ᠥᠪᠡᠷ ᠢ ᠪᠠᠨ ᠬᠠᠮᠠᠭᠠᠯᠠᠬᠤ ᠪᠠ ᠰᠡᠷᠭᠡᠶᠢᠯᠡᠬᠦ ᠤᠬᠠᠮᠰᠠᠷ ᠢ ᠴᠢᠩᠭᠠᠳᠬᠠᠬᠤ ᠬᠡᠷᠡᠭᠲᠡᠢ ᠭᠡᠵᠦ ᠵᠠᠬᠢᠪᠠ᠃ ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠪᠠᠷ ᠳᠡᠮᠵᠢᠨ᠂ ᠠᠵᠤ ᠠᠬᠤᠶᠢᠯᠠᠯ ᠳᠤ ᠣᠳᠣᠬᠠᠨ ᠤ ᠠᠶᠦᠯᠭᠦᠢ ᠦᠢᠯᠡᠳᠪᠦᠷᠢᠯᠡᠯ᠂ ᠭᠠᠯ ᠲᠦᠢᠮᠡᠷ ᠢ ᠤᠨᠲᠠᠷᠠᠭᠠᠬᠤ ᠠᠶᠤᠯᠭᠦᠢ ᠶᠢᠨ ᠬᠦᠨᠳᠦ ᠬᠡᠴᠡᠭᠦᠦ ᠪᠠᠶᠢᠳᠠᠯ ᠢ ᠤᠯᠠᠮ ᠲᠣᠳᠣᠷᠬᠠᠢ ᠲᠠᠨᠢᠭᠤᠯᠵᠤ᠂ ᠠᠶᠦᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠤᠨ᠂ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠠᠶᠦᠯᠭᠦᠢ ᠦᠢᠯᠡᠳᠪᠦᠷᠢᠯᠡᠯ ᠵᠢᠴᠢ ᠭᠠᠯ ᠲᠦᠢᠮᠡᠷ ᠢ ᠤᠨᠲᠠᠷᠠᠭᠠᠬᠤ ᠠᠶᠤᠯᠭᠦᠢ ᠶᠢᠨ ᠠᠵᠢᠯ ᠢ ᠡᠷᠴᠢᠮᠲᠡᠢ ᠰᠠᠶᠢᠲᠤᠷ ᠭᠦᠢᠴᠡᠳᠬᠡᠵᠦ᠂ ᠬᠠᠷᠢᠶᠠᠲᠤ ᠣᠷᠣᠨ ᠤ ᠳᠣᠲᠣᠷᠠᠬᠢ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠪᠤᠷᠢᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠯ᠎ᠡ᠃      ᠬᠠᠮᠤᠭ ᠤᠨ ᠰᠡᠭᠦᠯ ᠳᠤ᠂ ᠠᠵᠢᠯᠲᠠᠨ ᠠᠴᠠ ᠠᠵᠤ ᠠᠬᠤᠶᠢᠯᠠᠯ ᠤᠨ ᠠᠵᠢᠯᠲᠠᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠵᠤ ᠠᠬᠤᠶᠢᠯᠠᠯ ᠤᠨ ᠠᠵᠢᠯᠲᠠᠨ ᠤ ᠬᠠᠷᠢᠭᠤᠴᠠᠯᠭ᠎ᠠ ᠶᠢᠨ ᠤᠬᠠᠮᠰᠠᠷ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠵᠡᠭᠦᠨ ᠪᠡᠯ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号