ᠬᠥᠳᠡᠭᠡ ᠲᠤᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ︽ᠨᠢᠭᠡᠳᠦᠭᠡᠷ ᠪᠣᠭᠤᠮᠲᠠ︾᠎ ᠶᠢ ᠬᠠᠷᠭᠤᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2023/4/12
      ᠣᠶᠢᠷ᠎ᠠ ᠶᠢᠨ ᠡᠳᠦᠷ᠂ ᠪᠠᠶᠠᠨᠬᠤᠲᠠ ᠪᠠᠯᠭᠠᠰᠤ ᠶᠢᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠬᠠᠮᠲᠤᠷᠠᠭᠰᠠᠨ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠨᠢ ᠭᠠᠴᠠᠭᠠᠨ ᠤ ᠺᠠᠳ᠋ᠷᠴᠤᠳ ᠲᠠᠢ ᠬᠠᠮᠵᠢᠯᠴᠠᠨ ᠪᠠᠶᠠᠨᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠬᠤ ᠭᠡᠵᠦ ᠪᠠᠶᠢᠭ᠎ᠠ ᠬᠥᠳᠡᠭᠡ ᠲᠤᠰᠬᠤᠨ ᠤ ᠣᠷᠣᠨ ᠰᠠᠭᠤᠴᠠ ᠶᠢᠨ ᠭᠠᠵᠠᠷ ᠭᠤᠶᠤᠴᠢᠯᠠᠭᠰᠠᠨ ᠡᠷᠦᠬᠡ ᠳᠤ ᠴᠢᠭᠯᠡᠭᠦᠯᠦᠨ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠭᠦᠢᠴᠡᠳᠬᠡᠪᠡ᠃
     ᠬᠠᠷᠭᠤᠭᠤᠯᠤᠨ ᠪᠠᠶᠢᠴᠠᠭᠠᠬᠤ ᠶᠠᠪᠤᠴᠠ ᠳᠤ᠂ ᠠᠵᠢᠯᠲᠠᠨ ᠳᠤ ᠳᠣᠣᠷᠠᠬᠢ ᠮᠡᠲᠦ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠂ ᠨᠢᠭᠡ ᠳᠤ᠂ ᠬᠡᠰᠡᠭ ᠮᠠᠯᠵᠢᠬᠤ ᠡᠷᠦᠬᠡ ᠶᠢᠨ ᠭᠤᠶᠤᠴᠢᠯᠠᠭᠰᠠᠨ ᠭᠡᠷ ᠪᠠᠷᠢᠬᠤ ᠬᠡᠷᠡᠭᠴᠡᠭᠡ ᠱᠠᠭᠠᠷᠳᠠᠯᠭ᠎ᠠ ᠨᠢ ᠪᠣᠳᠠᠲᠠᠢ ᠭᠡᠷ ᠪᠠᠷᠢᠬᠤ ᠲᠠᠢ ᠨᠢᠭᠡᠳᠦᠯ ᠦᠭᠡᠢ ︵ᠵᠢᠱᠢᠶᠡᠯᠡᠪᠡᠯ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷ ᠭᠤᠶᠤᠴᠢᠯᠠᠭᠠᠳ ᠦᠨᠡᠨ ᠳᠡᠭᠡᠨ ᠣᠨᠳᠣᠣ ᠭᠠᠵᠠᠷ ᠲᠤ ᠰᠢᠨ᠎ᠡ ᠪᠠᠷ ᠪᠠᠶᠢᠭᠤᠯᠤᠭᠰᠠᠨ︶ ᠃ ᠬᠤᠶᠠᠷ ᠲᠤ᠂ ᠬᠡᠰᠡᠭ ᠮᠠᠯᠵᠢᠬᠤ ᠡᠷᠦᠬᠡ ᠨᠢᠭᠡᠨᠲᠡ ᠣᠷᠣᠨ ᠰᠠᠭᠤᠴᠠ ᠶᠢᠨ ᠭᠠᠵᠠᠷ ᠪᠠᠶᠢᠭᠤᠯᠬᠤ ᠪᠠᠷ ᠪᠡᠯᠡᠳᠬᠡᠭᠰᠡᠨ ᠪᠣᠯᠪᠠᠴᠤ ᠳᠡᠭᠡᠳᠦ ᠱᠠᠲᠤᠨ ᠤ ᠪᠠᠶᠢᠭᠤᠯᠭ᠎ᠠ ᠲᠤ ᠭᠤᠶᠤᠴᠢᠯᠠᠯ ᠭᠠᠷᠭᠠᠭᠰᠠᠨ ᠦᠭᠡᠢ ᠪᠤᠶᠤ ᠮᠡᠳᠡᠭᠦᠯᠵᠦ ᠳᠠᠩᠰᠠᠯᠠᠭᠤᠯᠤᠭᠰᠠᠨ ᠦᠭᠡᠢ᠃ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠨᠢᠭᠡ ᠳᠤ᠂ ᠭᠠᠴᠠᠭᠠᠨ ᠤ ᠠᠷᠠᠳ ᠢ ᠤᠭ ᠭᠠᠵᠠᠷ ᠲᠤᠨᠢ ᠳᠠᠬᠢᠨ ᠪᠠᠶᠢᠭᠤᠯᠬᠤ ᠶᠢ ᠵᠣᠷᠢᠭᠵᠢᠭᠤᠯᠤᠨ᠎ᠠ᠃ ᠬᠤᠶᠠᠷ ᠲᠤ᠂ ᠭᠡᠷ ᠪᠠᠷᠢᠬᠤ ᠪᠠᠷ ᠪᠠᠶᠢᠭ᠎ᠠ ᠡᠷᠦᠬᠡ ᠳᠤ ᠬᠥᠳᠡᠭᠡ ᠲᠤᠰᠬᠤᠨ ᠤ ᠭᠡᠷ ᠪᠠᠷᠢᠬᠤ ᠳᠤ ︽ᠨᠢᠭᠡ ᠡᠷᠦᠬᠡ ᠳᠤ ᠨᠢᠭᠡ ᠣᠷᠣᠨ ᠰᠠᠭᠤᠴᠠ ᠲᠠᠢ ᠪᠠᠶᠢᠬᠤ︾ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠨᠢᠭᠡ ᠡᠷᠦᠬᠡ ᠳᠤ ᠣᠯᠠᠨ ᠣᠷᠣᠨ ᠰᠠᠭᠤᠴᠠ ᠲᠠᠢ ᠪᠠᠶᠢᠬᠤ︾ ᠪᠠ ᠲᠠᠯᠠᠪᠠᠶ ᠬᠡᠲᠦᠷᠡᠭᠦᠯᠦᠨ ᠭᠡᠷ ᠪᠠᠷᠢᠬᠤ ᠶᠢ ᠴᠢᠩᠭ᠎ᠠ ᠬᠤᠷᠢᠭᠯᠠᠬᠤ ᠶᠢ ᠰᠠᠨᠠᠭᠤᠯᠵᠤ ᠪᠠᠶᠢᠨ᠎ᠠ᠃ ᠭᠤᠷᠪᠠ ᠳᠤ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠭᠠᠷᠳᠠᠮ ᠢ ᠴᠢᠩᠭ᠎ᠠ ᠵᠢᠷᠤᠮᠯᠠᠵᠤ᠂ ᠵᠥᠪᠰᠢᠶᠡᠷᠡᠯ ᠦᠭᠡᠢ ᠪᠠᠷ ᠤᠷᠢᠳᠠᠪᠠᠷ ᠪᠠᠷᠢᠬᠤ᠂ ᠰᠢᠷᠣᠢ ᠨᠡᠭᠡᠭᠡᠵᠦ ᠪᠠᠷᠢᠯᠭ᠎ᠠ ᠡᠬᠢᠯᠡᠭᠦᠯᠬᠦ ᠠᠴᠠ ᠡᠮᠦᠨ᠎ᠡ ᠭᠠᠴᠠᠭᠠᠨ ᠤ ᠵᠥᠪᠯᠡᠯ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠭᠡᠷ ᠪᠠᠷᠢᠵᠤ ᠳᠠᠭᠤᠰᠤᠭᠰᠠᠨ ᠤ ᠳᠠᠷᠠᠭ᠎ᠠ ᠭᠠᠴᠠᠭᠠᠨ ᠤ ᠵᠥᠪᠯᠡᠯ ᠳᠤ ᠮᠡᠳᠡᠭᠳᠡᠬᠦ ᠶᠢ ᠬᠤᠷᠢᠭᠯᠠᠬᠤ ᠬᠡᠷᠡᠭᠲᠡᠢ᠃ ᠮᠠᠨ ᠤ ᠪᠠᠯᠭᠠᠰᠤᠨ ᠤ ᠬᠢᠨ ᠠᠵᠢᠯᠲᠠᠳ ᠢᠶᠠᠨ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠪᠠᠷᠢᠯᠭ᠎ᠠ ᠶᠢᠨ ᠠᠵᠢᠯ ᠢ ᠲᠥᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠪᠠᠶᠢᠭᠤᠯᠤᠭᠰᠠᠨ ᠡᠰᠡᠬᠦ ᠶᠢ ᠲᠤᠬᠠᠢ ᠶᠢᠨ ᠭᠠᠵᠠᠷ ᠲᠤᠨᠢ ᠰᠢᠯᠭᠠᠨ ᠠᠪᠴᠤ᠂ ᠣᠯᠠᠨ ᠲᠦᠮᠡᠨ ᠤ ᠵᠦᠢ ᠵᠣᠬᠢᠰᠲᠠᠢ ᠭᠡᠷ ᠪᠠᠷᠢᠬᠤ ᠬᠡᠷᠡᠭᠴᠡᠭᠡ ᠶᠢ ᠦᠨᠡᠨ ᠬᠦ ᠪᠠᠲᠤᠯᠠᠨ᠎ᠠ᠃      ᠬᠥᠳᠡᠭᠡ ᠲᠤᠰᠬᠤᠨ ᠤ ᠣᠷᠣᠨ ᠰᠠᠭᠤᠴᠠ ᠶᠢᠨ ᠭᠠᠵᠠᠷ ᠲᠤ ᠬᠡᠷᠡᠭᠯᠡᠬᠦ ᠭᠠᠵᠠᠷ ᠤᠨ ᠭᠡᠷ ᠪᠠᠷᠢᠬᠤ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠨᠢ ᠲᠠᠷᠢᠶᠠᠴᠢᠳ ᠤᠨ ᠣᠷᠣᠨ ᠰᠠᠭᠤᠴᠠ ᠶᠢᠨ ᠡᠷᠬᠡ ᠠᠰᠢᠭ ᠪᠠ ᠥᠪᠡᠷ ᠤᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ ᠪᠣᠯᠬᠤᠷ ᠮᠠᠨ ᠤ ᠪᠠᠯᠭᠠᠰᠤ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠥᠳᠡᠭᠡ ᠲᠤᠰᠬᠤᠨ ᠤ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠡᠷᠭᠡ ᠠᠵᠢᠯ ᠢ ᠤᠯᠠᠮ ᠰᠠᠶᠢᠲᠤᠷ ᠭᠦᠢᠴᠡᠳᠬᠡᠵᠦ᠂ ᠣᠯᠠᠨ ᠲᠦᠮᠡᠨ ᠤ ᠵᠦᠢ ᠵᠣᠬᠢᠰᠲᠠᠢ ᠭᠡᠷ ᠪᠠᠷᠢᠬᠤ ᠬᠡᠷᠡᠭᠴᠡᠭᠡ ᠶᠢ ᠪᠠᠲᠤᠯᠠᠪᠠ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠥᠳᠡᠭᠡ ᠲᠤᠰᠬᠤᠨ ᠤ ᠭᠡᠷ ᠪᠠᠷᠢᠬᠤ ᠳᠤ ︽ᠨᠠᠢᠮᠠᠨ ᠵᠦᠢᠯ ᠢ ᠦᠯᠦ ᠵᠥᠪᠰᠢᠶᠡᠷᠡᠬᠦ︾ ᠵᠢᠴᠢ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠤᠯᠠᠨ ᠲᠦᠮᠡᠨ ᠤ ᠲᠦᠷᠦ ᠶᠢᠨ ᠪᠣᠳᠣᠯᠭ᠎ᠠ ᠶᠢ ᠮᠡᠳᠡᠬᠦ ᠨᠤᠷᠮ᠎ᠠ ᠶᠢ ᠳᠡᠭᠡᠭᠰᠢᠯᠡᠭᠦᠯᠵᠦ᠂ ᠤᠯᠠᠨ ᠲᠦᠮᠡᠨ ᠢ ᠰᠤᠷᠭᠠᠨ ᠬᠥᠮᠥᠵᠢᠭᠦᠯᠵᠦ ᠪᠠᠶᠢᠭᠠᠳ ᠬᠠᠤᠯᠢ ᠲᠣᠭᠲᠠᠭᠠᠯ ᠶᠣᠰᠣᠭᠠᠷ ᠭᠡᠷ ᠪᠠᠷᠢᠭᠤᠯᠵᠤ᠂ ᠬᠥᠳᠡᠭᠡ ᠲᠤᠰᠬᠤᠨ ᠤ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠪᠠ᠃      
 
ᠢᠷᠡᠯᠲᠡ᠄ ᠪᠠᠶᠠᠨᠬᠤᠲᠠ ᠪᠠᠯᠭᠠᠰᠤ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号