ᠪᠠᠶᠠᠨᠬᠤᠲᠠ ᠪᠠᠯᠭᠠᠰᠤ ᠨᠡᠶᠢᠭᠡᠮ ᠤᠨ ᠠᠪᠤᠷᠠᠨ ᠲᠤᠰᠠᠯᠠᠬᠤ ᠠᠷᠠᠳᠴᠢᠯᠠᠯ ᠢᠶᠠᠷ ᠦᠨᠡᠯᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/12
      ᠣᠶᠢᠷ᠎ᠠ ᠶᠢᠨ ᠡᠳᠦᠷ᠂  ᠪᠠᠯᠭᠠᠰᠤᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠷᠠᠳᠴᠢᠯᠠᠯ ᠢᠶᠠᠷ ᠦᠨᠡᠯᠡᠬᠦ ᠳᠤᠭᠤᠶᠢᠯᠠᠩ 2023 ᠣᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠷᠠᠳᠴᠢᠯᠠᠯ ᠢᠶᠠᠷ ᠦᠨᠡᠯᠡᠬᠦ ᠬᠤᠷᠠᠯ ᠢ ᠬᠤᠷᠠᠯᠳᠤᠭᠤᠯᠪᠠ᠃
     ᠬᠤᠷᠠᠯ ᠠᠴᠠ ᠡᠮᠦᠨ᠎ᠡ᠂ ᠠᠵᠢᠯᠲᠠᠳ ᠡᠷᠦᠬᠡ ᠳᠤ ᠬᠦᠷᠴᠦ ᠪᠠᠶᠢᠴᠠᠭᠠᠯᠲᠠ ᠭᠦᠢᠴᠡᠳᠬᠡᠬᠦ᠂ ᠣᠷᠣᠯᠭ᠎ᠠ ᠶᠢᠨ ᠲᠣᠭᠠᠴᠠᠭ᠎ᠠ ᠭᠦᠢᠴᠡᠳᠬᠡᠬᠦ ᠪᠠᠷ ᠳᠠᠮᠵᠢᠭᠤᠯᠤᠨ᠂ ᠨᠠᠭᠠᠲᠤ ᠵᠠᠬ᠎ᠠ ᠶᠢᠨ ᠪᠠᠲᠤᠯᠠᠭ᠎ᠠ ᠭᠤᠶᠤᠴᠢᠯᠠᠭᠴᠢ ᠶᠢᠨ ᠭᠡᠷ ᠪᠦᠯᠢ ᠶᠢᠨ ᠪᠣᠳᠠᠲᠠᠢ ᠠᠮᠢᠳᠤᠷᠠᠯ ᠤᠨ ᠪᠠᠶᠢᠳᠠᠯ ᠵᠢᠴᠢ ᠭᠡᠷ ᠪᠦᠯᠢ ᠶᠢᠨ ᠬᠦᠴᠢᠷᠳᠡᠯ ᠢ ᠪᠣᠶ ᠪᠣᠯᠭᠠᠭᠰᠠᠨ ᠰᠢᠯᠲᠠᠭᠠᠨ ᠢ ᠣᠶᠢᠯᠠᠭᠠᠬᠤ ᠬᠡᠷᠡᠭᠲᠡᠢ᠃ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠭᠠᠴᠠᠭᠠᠨ ᠤ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠭᠤᠶᠤᠴᠢᠯᠠᠭᠴᠢ ᠶᠢᠨ ᠭᠡᠷ ᠪᠦᠯᠢ ᠶᠢᠨ ᠪᠦᠷᠢᠯᠳᠦᠭᠦᠨ᠂ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠤ᠂ ᠪᠠᠯᠭᠠᠰᠤᠨ ᠤ ᠠᠷᠠᠳ ᠤᠨ ᠶᠠᠪᠤᠳᠠᠯ ᠤᠨ ᠲᠤᠰᠬᠠᠢ ᠺᠠᠳ᠋ᠷ ᠡᠷᠦᠬᠡ ᠳᠤ ᠣᠷᠣᠵᠤ ᠣᠶᠢᠯᠠᠭᠠᠭᠰᠠᠨ ᠪᠠᠶᠢᠳᠠᠯ ᠪᠠ ᠭᠤᠶᠤᠴᠢᠯᠠᠭᠴᠢ ᠶᠢᠨ ᠬᠠᠩᠭᠠᠭᠰᠠᠨ ᠮᠠᠲ᠋ᠧᠷᠢᠶᠠᠯ ᠢ ᠦᠨᠳᠦᠰᠦᠯᠡᠨ ᠨᠥᠬᠦᠪᠦᠷᠢ ᠲᠣᠳᠣᠷᠬᠠᠶᠢᠯᠠᠯᠲᠠ ᠭᠦᠢᠴᠡᠳᠬᠡᠪᠡ᠃ ᠦᠨᠡᠯᠡᠨ ᠶᠠᠷᠢᠯᠴᠠᠬᠤ ᠳᠤᠭᠤᠶᠢᠯᠠᠩ ᠤᠨ ᠬᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠭᠤᠶᠤᠴᠢᠯᠠᠭᠴᠢ ᠶᠢᠨ ᠭᠡᠷ ᠪᠦᠯᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠪᠤᠷᠠᠨ ᠲᠤᠰᠠᠯᠠᠬᠤ ᠡᠲᠡᠭᠡᠳ ᠪᠠ ᠲᠥᠷᠥᠯ ᠢᠯᠭᠠᠯ ᠢ ᠨᠠᠷᠢᠨ ᠨᠢᠮᠪᠠᠢ ᠢᠯᠭᠠᠨ ᠲᠣᠳᠣᠯᠠᠵᠤ᠂ ᠠᠪᠤᠷᠠᠨ ᠲᠤᠰᠠᠯᠠᠬᠤ ᠲᠠᠰ ᠵᠢᠴᠢ ᠵᠣᠭᠤᠰ ᠤᠨ ᠲᠤᠭ᠎ᠠ ᠶᠢ ᠲᠣᠭᠲᠠᠭᠠᠵᠤ᠂ ᠲᠣᠰ ᠤᠳᠠᠭᠠᠨ ᠤ ᠬᠤᠷᠠᠯᠳᠤᠭᠠᠨ ᠳᠤ ᠨᠡᠶᠢᠲᠡ 2 ᠡᠷᠦᠬᠡ 5 ᠬᠥᠮᠥᠨ ᠢ ᠦᠨᠡᠯᠡᠨ ᠶᠠᠷᠢᠯᠴᠠᠪᠠ᠃            
 
ᠢᠷᠡᠯᠲᠡ᠄ ᠪᠠᠶᠠᠨᠬᠤᠲᠠ ᠪᠠᠯᠭᠠᠰᠤ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号