ᠪᠠᠶᠠᠨᠬᠤᠲᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/12
         ᠪᠠᠶᠠᠨᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︵ᠪᠠᠶᠠᠨᠬᠤᠲᠠ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ︶ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠬᠤᠷᠠᠯᠳᠤᠭᠤᠯᠵᠤ᠂ ᠳᠤᠮᠳᠠ ᠠᠩᠭᠢ ᠶᠢᠨ ᠪᠥᠬᠦ ᠬᠥᠮᠥᠰ ᠣᠷᠣᠯᠴᠠᠵᠠᠢ᠃
           ᠬᠤᠷᠠᠯ ᠠᠴᠠ ᠪᠠᠶᠠᠨᠬᠤᠲᠠ ᠪᠠᠯᠭᠠᠰᠤᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠠᠢᠮᠠᠨ ᠱᠠᠭᠠᠷᠳᠠᠯᠭ᠎ᠠ ᠳᠤᠷᠠᠳᠴᠠᠢ᠂ ᠨᠢᠭᠡ ᠳᠤ᠂ ᠠᠵᠢᠯ ᠳᠤ ᠭᠠᠷᠬᠤ ᠶᠢ ᠰᠢᠯᠭᠠᠨ ᠮᠡᠳᠡᠭᠦᠯᠵᠦ ᠳᠠᠩᠰᠠᠯᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠤᠶᠠᠷ ᠲᠤ ᠠᠵᠢᠯ ᠳᠤ ᠭᠠᠷᠬᠤ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯ ᠲᠠᠢ ᠬᠠᠮᠢᠶ᠎ᠠ ᠦᠭᠡᠢ ᠶᠠᠪᠤᠳᠠᠯ ᠢ ᠭᠦᠢᠴᠡᠳᠬᠡᠵᠦ ᠪᠣᠯᠬᠤ ᠦᠭᠡᠢ᠃ ᠭᠤᠷᠪᠠ ᠳᠤ᠂ ᠪᠡᠶ᠎ᠡ ᠪᠠᠨ ᠪᠠᠷᠢᠬᠤ᠂ ᠪᠡᠶ᠎ᠡ ᠪᠠᠨ ᠬᠠᠮᠢᠶᠠᠷᠬᠤ ᠤᠬᠠᠮᠰᠠᠷ ᠢᠶᠠᠨ ᠳᠡᠭᠡᠭᠰᠢᠯᠡᠭᠦᠯᠵᠦ᠂ ︽ᠨᠠᠢᠮᠠᠨ ᠴᠠᠭ ᠠᠴᠠ ᠭᠠᠳᠠᠨ᠎ᠠ︾ ᠤᠬᠠᠮᠰᠠᠷ ᠠᠴᠠ ᠪᠠᠨ ᠡᠷᠬᠢᠮ ᠳᠡᠭᠡᠳᠦ ᠤᠶᠤᠨ ᠰᠠᠨᠠᠭᠠᠨ ᠤ ᠬᠥᠭᠡᠭᠡᠴᠡᠯᠳᠦᠯ ᠪᠠ ᠡᠷᠡᠭᠦᠯ ᠰᠠᠷᠠᠭᠤᠯ ᠠᠮᠢᠳᠤᠷᠠᠯ ᠤᠨ ᠳᠤᠷ᠎ᠠ ᠰᠣᠨᠢᠷᠬᠠᠯ ᠢ ᠪᠤᠢ ᠪᠣᠯᠭᠠᠬᠤ ᠬᠡᠷᠡᠭᠲᠡᠢ᠃ ᠳᠥᠷᠪᠡ ᠳᠤ᠂ ᠠᠵᠢᠯ ᠤᠨ ᠬᠠᠷᠢᠭᠤᠴᠠᠯᠭ᠎ᠠ ᠶᠢ ᠬᠥᠮᠥᠨ ᠪᠠ ᠠᠵᠢᠯ ᠤᠨ ᠪᠠᠶᠢᠷᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠢ ᠠᠳᠬᠤᠬᠤ ᠬᠥᠮᠥᠨ ᠲᠠᠢ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠲᠠᠪᠤ ᠳᠤ᠂ ᠰᠠᠷ᠎ᠠ ᠶᠢᠨ ᠠᠵᠢᠯ ᠤᠨ ᠨᠠᠷᠢᠨ ᠲᠠᠩᠰᠠ ᠶᠢᠨ ᠳᠦᠷᠢᠮ ᠢ ᠬᠡᠷᠡᠭᠵᠢᠭᠦᠯᠵᠦ᠂ ᠬᠥᠮᠥᠨ ᠪᠦᠷᠢ ᠰᠠᠷ᠎ᠠ ᠪᠦᠷᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠤᠨ ᠨᠠᠷᠢᠨ ᠲᠠᠩᠰᠠ ᠪᠠᠨ ᠲᠤᠰᠢᠶᠠᠵᠤ᠂ ᠠᠯᠪᠠᠨ ᠲᠤᠰᠢᠶᠠᠯᠲᠠᠨ ᠢ ᠰᠠᠨᠠᠭᠠᠴᠢᠯᠠᠭ᠎ᠠ ᠠᠴᠠ ᠪᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠦᠷ᠎ᠡ ᠠᠰᠢᠭ ᠢᠶᠠᠨ ᠨᠡᠮᠡᠭᠳᠡᠭᠦᠯᠬᠦ ᠶᠢ ᠲᠦᠷᠭᠡᠳᠬᠡᠬᠦ ᠬᠡᠷᠡᠭᠲᠡᠢ᠃ ᠵᠢᠷᠭᠤᠭ᠎ᠠ ᠳᠤ ᠨᠢᠭᠡᠴᠡ ᠶᠢᠨ ᠸᠢᠴᠠᠲ ᠤᠨ ᠴᠠᠬᠢᠮ ᠲᠠᠪᠴᠠᠩ ᠤᠨ ᠬᠦᠷᠭᠡᠭᠰᠡᠨ ᠠᠵᠢᠯ ᠤᠨ ᠮᠡᠳᠡᠭᠡ ᠵᠠᠩᠭᠢ ᠪᠠ ᠬᠥᠳᠡᠯᠦᠯ ᠪᠠᠶᠢᠳᠠᠯ ᠢ ᠢᠳᠡᠪᠬᠢᠲᠡᠢ ᠪᠠᠷ ᠳᠠᠮᠵᠢᠭᠤᠯᠤᠨ ᠲᠠᠷᠬᠠᠭᠠᠵᠤ᠂ ᠥᠷᠭᠡᠨ ᠢᠶᠠᠷ ᠤᠬᠠᠭᠤᠯᠬᠤ ᠬᠡᠷᠡᠭᠲᠡᠢ᠃ ᠲᠤᠯᠤᠭ᠎ᠠ ᠳᠤ᠂ ᠳᠡᠭᠡᠳᠦ ᠱᠠᠲᠤᠨ ᠤ ᠤᠳᠤᠷᠢᠳᠤᠯᠭ᠎ᠠ ᠵᠢᠴᠢ ᠰᠤᠷᠪᠤᠯᠵᠢᠯᠠᠬᠤ ᠪᠠᠷ ᠢᠷᠡᠭᠰᠡᠳ ᠢ ᠪᠣᠯᠪᠠᠰᠤᠨ ᠶᠣᠰᠣᠷᠬᠠᠭ ᠢᠶᠠᠷ ᠭᠥᠯᠢᠶᠡᠨ ᠠᠪᠴᠤ᠂ ᠰᠠᠨᠠᠭᠠᠴᠢᠯᠠᠭ᠎ᠠ ᠲᠠᠢ᠂ ᠬᠠᠯᠠᠭᠤᠮᠰᠤᠭ᠂ ᠬᠦᠯᠢᠴᠡᠩᠭᠦᠢ᠂ ᠨᠠᠷᠢᠨ ᠨᠢᠮᠪᠠᠢ᠂ ᠨᠠᠷᠢᠨ ᠨᠢᠮᠪᠠᠢ ᠪᠠᠶᠢᠬᠤ ᠬᠡᠷᠡᠭᠲᠡᠢ᠃ ᠨᠠᠢᠮᠠ ᠳᠤ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠎ ᠤᠨ APP᠎ ᠶᠢ ᠰᠤᠷᠤᠯᠴᠠᠵᠤ ᠬᠡᠷᠡᠭᠯᠡᠬᠦ ᠠᠵᠢᠯ ᠢ ᠴᠢᠩᠭᠠᠳᠬᠠᠵᠤ᠂ ᠬᠤᠶᠢᠷᠭᠤ ᠦᠵᠡᠯ ᠰᠠᠨᠠᠭ᠎ᠠ ᠶᠢ ᠦᠨᠡᠨᠬᠦ ᠲᠠᠰᠤᠳᠠᠵᠤ᠂ ᠰᠠᠶᠢᠨ ᠰᠠᠶᠢᠬᠠᠨ ᠰᠤᠷᠤᠯᠴᠠᠬᠤ ᠳᠠᠳᠬᠠᠯ ᠲᠠᠢ ᠪᠣᠯᠬᠤ ᠬᠡᠷᠡᠭᠲᠡᠢ ᠭᠡᠯ᠎ᠡ᠃
 
ᠢᠷᠡᠯᠲᠡ᠄ ᠪᠠᠶᠠᠨᠬᠤᠲᠠ ᠪᠠᠯᠭᠠᠰᠤ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号