ᠬᠠᠤᠯᠢ ᠪᠤᠰᠤ ᠪᠠᠷ ᠪᠡᠯᠡ ᠮᠥᠩᠭᠦ  ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/12
     ᠰᠢᠤᠸᠠᠢ ᠶᠤᠸᠠᠨ ᠰᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠠᠯᠠᠱᠠ ᠵᠡᠭᠦᠨ ᠬᠤᠰᠢᠭᠤᠨ ᠤ ᠮᠥᠩᠭᠦᠨ ᠭᠦᠢᠯᠭᠡᠭᠡᠨ ᠤ ᠲᠥᠪ ᠤᠨ ᠨᠠᠮ ᠤᠨ ᠡᠭᠦᠷ᠂ ᠠᠯᠠᠱᠠ ᠵᠡᠭᠦᠨ ᠬᠤᠰᠢᠭᠤᠨ ᠤ  ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠲᠠᠢ ᠬᠠᠮᠲᠤᠷᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠠᠯᠠᠱᠠ ᠵᠡᠭᠦᠨ ᠬᠤᠰᠢᠭᠤᠨ ᠤ ᠮᠥᠩᠭᠦᠨ ᠭᠦᠢᠯᠭᠡᠭᠡᠨ ᠤ ᠲᠥᠪ ᠤᠨ ᠺᠠᠳ᠋ᠷᠴᠤᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠶᠡᠭᠡ ᠬᠢᠴᠢᠶᠡᠯ ᠤᠨ ᠲᠠᠩᠬᠢᠮ ᠳᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠣᠯᠠᠨ ᠲᠦᠮᠡᠨ ᠳᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢᠨ ᠣᠨᠴᠠᠯᠢᠭ᠂ ᠬᠤᠣᠷ ᠬᠥᠨᠥᠭᠡᠯ ᠪᠠ ᠢᠯᠭᠠᠨ ᠲᠠᠨᠢᠬᠤ ᠠᠷᠭ᠎ᠠ ᠵᠡᠷᠭᠡ ᠮᠡᠳᠡᠯᠭᠡ ᠶᠢ ᠭᠤᠣᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ᠂ ᠰᠠᠭᠤᠭᠠᠯᠢ ᠠᠷᠠᠳ ᠲᠤ ᠪᠡᠯᠡ ᠣᠷᠣᠭᠤᠯᠵᠤ ᠪᠡᠯᠡ ᠮᠥᠩᠭᠦ ᠬᠠᠮᠢᠶᠠᠷᠬᠤ ᠠᠷᠭ᠎ᠠ ᠵᠠᠮ ᠢ ᠪᠣᠯᠭᠤᠮᠵᠢᠲᠠᠢ ᠰᠣᠩᠭᠤᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢᠨ ᠤᠨᠠᠭᠤᠯᠢ ᠶᠢ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠪᠠ᠃ ᠳᠠᠷᠠᠭ᠎ᠠ ᠨᠢ᠂ ᠮᠥᠩᠭᠦᠨ ᠭᠦᠢᠯᠭᠡᠭᠡᠨ ᠤ ᠲᠥᠪ ᠪᠣᠯᠣᠨ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠤᠷᠢᠶᠠᠯᠠᠯ ᠪᠣᠯᠣᠨ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡᠨ ᠳᠤ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠭᠦᠢᠴᠡᠳᠬᠡᠵᠦ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠵᠣᠭᠤᠰ᠂ ᠠᠮᠢ ᠠᠪᠤᠷᠠᠯᠳᠠ ᠶᠢᠨ ᠵᠣᠭᠤᠰ ᠢ ᠮᠡᠬᠡᠯᠡᠨ ᠠᠪᠤᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠤᠨ ᠵᠢᠱᠢᠶ᠎ᠡ ᠶᠢ ᠲᠠᠶᠢᠯᠪᠤᠷᠢᠯᠠᠵᠤ᠂ ᠥᠷᠭᠡᠨ ᠣᠯᠠᠨ ᠰᠠᠭᠤᠭᠠᠯᠢ ᠠᠷᠠᠳ ᠲᠤ ᠥᠨᠳᠥᠷ ᠬᠦᠦ ᠶᠢᠨ ᠥᠳᠥᠭᠡᠯᠭᠡ ᠶᠢ ᠲᠡᠪᠴᠢᠵᠦ᠂ ᠴᠢᠰᠤ ᠬᠥᠯᠥᠰᠦᠨ ᠤ ᠵᠣᠭᠤᠰ ᠢᠶᠠᠨ ᠰᠠᠶᠢᠲᠤᠷ ᠰᠠᠬᠢᠬᠤ ᠬᠡᠷᠡᠭᠲᠡᠢ ᠭᠡᠵᠦ ᠰᠡᠷᠡᠮᠵᠢᠯᠡᠭᠦᠯᠵᠦ᠂ ᠮᠡᠬᠡᠯᠡᠬᠦ ᠤᠲᠠᠰᠤ᠂ ᠣᠬᠤᠷ ᠮᠡᠳᠡᠭᠡ ᠪᠤᠶᠤ ᠢᠨᠲ᠋ᠧᠷ ᠰᠦᠯᠵᠢᠶ᠎ᠡ ᠪᠠᠷ ᠲᠡᠮᠳᠡᠭᠯᠡᠬᠦ ᠦᠶ᠎ᠡ ᠳᠤ ︽ᠰᠣᠨᠣᠰᠬᠤ ᠦᠭᠡᠢ᠂ ᠢᠲᠡᠭᠡᠬᠦ ᠦᠭᠡᠢ᠂ ᠲᠠᠩᠰᠠ ᠰᠢᠯᠵᠢᠭᠦᠯᠬᠦ ᠦᠭᠡᠢ᠂ ᠵᠣᠭᠤᠰ ᠭᠤᠪᠢᠭᠤᠯᠬᠤ ᠦᠭᠡᠢ︾ ᠪᠠᠶᠢᠬᠤ ᠶᠢ ᠪᠠᠲᠤ ᠴᠡᠭᠡᠵᠢᠯᠡᠵᠦ᠂ ᠲᠤᠬᠠᠢ ᠶᠢᠨ ᠲᠠᠯᠠᠪᠤᠷ ᠤᠨ ᠠᠵᠢᠯᠲᠠᠨ ᠪᠠᠰᠠ 7 ᠨᠠᠰᠤᠲᠠᠨ ᠳᠤ ᠤᠯᠤᠰ ᠤᠨ ᠮᠡᠬᠡᠯᠡᠯ ᠢ ᠡᠰᠡᠷᠭᠦᠴᠡᠬᠦ APP ᠤᠭᠰᠠᠷᠠᠭᠤᠯᠤᠨ ᠳᠠᠩᠰᠠᠯᠠᠭᠤᠯᠬᠤ ᠶᠢᠨ ᠬᠠᠮᠲᠤ ᠦᠨᠡᠨ ᠨᠡᠷ᠎ᠡ ᠪᠠᠷ ᠢᠶᠠᠨ ᠭᠡᠷᠡᠴᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠰᠡᠷᠡᠮᠵᠢᠯᠡᠭᠦᠯᠵᠡᠢ᠃      ᠳᠠᠷᠠᠭ᠎ᠠ ᠪᠠᠷ᠂ ᠰᠢᠤᠸᠠᠢ ᠶᠤᠸᠠᠨ ᠰᠢ ᠨᠡᠶᠢᠭᠡᠮ ᠲᠣᠭᠤᠷᠢᠭ ᠤᠨ ᠬᠢᠨ ᠥᠷᠭᠡᠨ ᠤᠯᠠᠨ ᠰᠠᠭᠤᠭᠠᠯᠢ ᠠᠷᠠᠳ ᠢᠯᠠᠩᠭᠤᠶ᠎ᠠ ᠢᠳᠡᠷ ᠥᠲᠡᠯᠦᠭᠡ ᠨᠠᠰᠤᠨ ᠤ ᠬᠥᠮᠥᠰ ᠲᠤ ᠬᠠᠨᠳᠤᠭᠤᠯᠤᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠡᠰᠡᠷᠭᠦᠴᠡᠬᠦ ᠤᠬᠠᠭᠤᠯᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠮᠡᠬᠡᠯᠡᠯ ᠤᠨ ᠬᠡᠷᠡᠭ ᠡᠭᠦᠰᠬᠦ ᠶᠢ ᠰᠡᠷᠭᠡᠶᠢᠯᠡᠬᠦ ᠪᠠ ᠪᠠᠭᠠᠰᠬᠠᠵᠤ᠂ ᠰᠠᠭᠤᠭᠠᠯᠢ ᠠᠷᠠᠳ ᠤᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠠᠮᠤᠷ ᠠᠮᠤᠭᠤᠯᠠᠩ ᠡᠶ᠎ᠡ ᠵᠣᠬᠢᠴᠠᠯ ᠨᠡᠶᠢᠭᠡᠮ ᠲᠣᠭᠤᠷᠢᠭ‌ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃      
 
ᠢᠷᠡᠯᠲᠡ᠄ ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号