ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠳᠡᠭᠡᠨ ᠤ ᠠᠮᠤᠷ ᠲᠦᠪᠰᠢᠨ ᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/4/12
                  ᠣᠶᠢᠷ᠎ᠠ ᠶᠢᠨ ᠡᠳᠦᠷ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠎ ᠶᠢᠨ ᠳᠠᠭᠠᠭᠠᠴᠢᠯᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ᠂ ᠬᠤᠲᠠ ᠎ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ᠂ ᠬᠠᠷᠢᠶ᠎ᠠ ᠣᠷᠣᠨ ᠤ ᠬᠤᠳᠠᠯᠳᠤᠭᠠᠴᠢᠨ ᠡᠷᠦᠬᠡ ᠶᠢ ᠰᠤᠷᠪᠤᠯᠵᠢᠯᠠᠨ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ ᠤ ᠡᠵᠡᠩᠨᠡᠯᠲᠡ ᠶᠢᠨ ᠨᠢᠭᠡᠴᠡ ᠶᠢᠨ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠭᠦᠢᠴᠡᠳᠬᠡᠪᠡ᠃
      ᠡᠵᠡᠩᠨᠡᠯᠲᠡ ᠶᠢᠨ ᠨᠢᠭᠡᠴᠡ ᠳᠤ ᠬᠦᠷᠴᠦ᠂ ᠡᠭᠦᠷᠭᠡ ᠶᠢᠨ ᠨᠠᠷᠢᠨ ᠲᠠᠩᠰᠠ ᠶᠢ ᠴᠢᠩᠭ᠎ᠠ ᠵᠢᠷᠤᠮᠯᠠᠨ᠂ ᠡᠵᠡᠩᠨᠡᠯᠲᠡ ᠶᠢᠨ ᠨᠢᠭᠡᠴᠡ ᠶᠢ ᠬᠢᠨᠠᠨ ᠵᠢᠯᠤᠭᠤᠳᠴᠤ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠳᠠᠭᠠᠭᠠᠴᠢᠯᠠᠭᠰᠠᠨ ᠺᠠᠳ᠋ᠷᠴᠤᠳ ᠴᠥᠮ ᠡᠵᠡᠩᠨᠡᠯᠲᠡ ᠶᠢᠨ ᠨᠢᠭᠡᠴᠢ ᠶᠢᠨ ᠢᠶᠠᠨ ᠢᠳᠡᠭᠡᠨ ᠢ ᠬᠠᠳᠠᠭᠠᠯᠠᠭᠰᠠᠨ᠂ ᠪᠠᠷᠠᠭ᠎ᠠ ᠣᠷᠣᠭᠤᠯᠤᠭᠰᠠᠨ᠂ ᠪᠣᠷᠣᠯᠠᠭᠤᠯᠤᠭᠰᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠵᠡᠩᠨᠡᠯᠲᠡ ᠶᠢᠨ ᠨᠢᠭᠡᠴᠢ ᠶᠢᠨ ᠢᠶᠠᠨ ᠠᠵᠢᠯᠲᠠᠨ ᠤ ᠡᠷᠡᠭᠦᠯ ᠮᠡᠨᠳᠦ ᠶᠢᠨ ᠦᠨᠡᠮᠯᠡᠯ᠂ ᠪᠠᠷᠠᠭ᠎ᠠ ᠣᠷᠣᠭᠤᠯᠤᠭᠰᠠᠨ ᠲᠡᠮᠳᠡᠭᠯᠡᠯ ᠵᠡᠷᠭᠡ ᠡᠬᠡ ᠲᠠᠩᠰᠠ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠳᠡᠭ᠃ ᠡᠭᠦᠨ ᠤ ᠬᠠᠮᠲᠤ ᠳᠠᠭᠠᠭᠠᠴᠢᠯᠠᠭᠰᠠᠨ ᠨᠢᠭᠡᠴᠡ ᠨᠦᠭᠦᠳ ᠨᠢᠭᠡ ᠳᠤ ᠢᠳᠡᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠢᠨᠠᠨ ᠬᠠᠮᠢᠶᠠᠷᠬᠤ ᠪᠠᠶᠢᠭᠤᠯᠭ᠎ᠠ ᠤᠨ ᠵᠢᠭᠠᠵᠤ ᠭᠠᠷᠭᠠᠭᠰᠠᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠭᠦᠨ ᠤ ᠬᠠᠮᠲᠤ ᠠᠵᠢᠯᠯᠠᠵᠤ ᠪᠠᠶᠢᠭ᠎ᠠ ᠬᠥᠮᠥᠰ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠡᠵᠡᠩᠨᠡᠯᠲᠡ ᠶᠢᠨ ᠲᠠᠯᠠᠪᠤᠷ ᠤᠨ ᠠᠷᠢᠭᠤᠨ ᠴᠡᠪᠡᠷ ᠴᠡᠪᠡᠷ ᠲᠡᠭᠰᠢ ᠪᠠᠶᠢᠬᠤ ᠶᠢ ᠴᠠᠭ ᠲᠤᠬᠠᠢ ᠳᠤᠨᠢ ᠪᠠᠲᠤᠯᠠᠵᠤ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠦᠨᠡᠮᠯᠡᠯ ᠤᠨ ᠬᠦᠴᠦᠨ ᠲᠠᠢ ᠬᠤᠭᠤᠴᠠᠭᠠᠨ ᠳᠤ ᠴᠢᠨᠠᠷ ᠬᠤᠪᠢᠷᠠᠭᠰᠠᠨ ᠪᠠ ᠬᠤᠭᠤᠴᠠᠭ᠎ᠠ ᠥᠩᠭᠡᠷᠡᠭᠰᠡᠨ ᠢᠳᠡᠭᠡᠨ ᠢ ᠴᠠᠭ ᠲᠤᠬᠠᠢ ᠳᠤᠨᠢ ᠴᠡᠪᠡᠷᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠯ᠎ᠡ᠃      ᠳᠠᠷᠠᠭ᠎ᠠ ᠪᠠᠷ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠬᠤ ᠶᠢ ᠰᠢ ᠶᠢᠨ ᠫᠢᠩ ᠶᠡᠷᠦᠩᠬᠡᠢ ᠱᠦᠵᠢ ᠶᠢᠨ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾᠎ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠵᠢᠯᠤᠭᠤᠳᠴᠤ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠶᠡᠬᠡᠪᠡᠷ ᠥᠷᠨᠢᠭᠦᠯᠦᠨ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠠᠲᠤ ᠰᠠᠬᠢᠭᠰᠠᠨ ᠪᠠᠶᠢᠨ᠎ᠠ᠃
 
ᠢᠷᠡᠯᠲᠡ᠄ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号