︽ᠭᠠᠯ ᠲᠦᠢᠮᠡᠷ ᠢ ᠤᠨᠲᠠᠷᠠᠭᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/4/12
      ᠣᠶᠢᠷ᠎ᠠ ᠶᠢᠨ ᠡᠳᠦᠷ᠂ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠨᠳᠠ ᠨᠡᠶᠢᠭᠡᠮ ᠲᠣᠭᠤᠷᠢᠭ ᠤᠨ ᠬᠢᠨ ᠠᠯᠠᠱᠠ ᠵᠡᠭᠦᠨ ᠬᠤᠰᠢᠭᠤᠨ ᠤ ᠭᠠᠯ ᠲᠦᠢᠮᠡᠷ ᠢ ᠤᠨᠲᠠᠷᠠᠭᠠᠬᠤ ᠶᠡᠭᠡ ᠠᠩᠭᠢ ᠲᠠᠢ ᠬᠠᠮᠲᠤᠷᠠᠨ ︽ᠭᠠᠯ ᠲᠦᠢᠮᠡᠷ ᠢ ᠤᠨᠲᠠᠷᠠᠭᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠺᠠᠳ᠋ᠷ ᠵᠢᠴᠢ ᠬᠠᠷᠢᠶ᠎ᠠ ᠲᠣᠭᠤᠷᠢᠭ ᠤᠨ ᠡᠯ᠎ᠡ ᠬᠤᠷᠢᠶᠠᠯᠠᠯ ᠤᠨ ᠠᠳᠠᠯ ᠠᠬᠤᠢ ᠶᠢᠨ ᠠᠵᠢᠯᠲᠠᠨ᠂ ᠬᠤᠳᠠᠯᠳᠤᠭᠠᠨ ᠤ ᠫᠦᠰᠡ ᠶᠢᠨ ᠡᠵᠡᠩᠨᠡᠭᠴᠢ ᠵᠡᠷᠭᠡ 40 ᠬᠥᠮᠥᠨ ᠠᠵᠢᠯᠯᠠᠭ᠎ᠠ ᠳᠤ ᠣᠷᠣᠯᠴᠠᠵᠠᠢ᠃
           ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠠᠯᠠᠱᠠ ᠵᠡᠭᠦᠨ ᠬᠤᠰᠢᠭᠤᠨ ᠤ ᠭᠠᠯ ᠲᠦᠢᠮᠡᠷ ᠢ ᠤᠨᠲᠠᠷᠠᠭᠠᠬᠤ ᠶᠡᠭᠡ ᠠᠩᠭᠢ ᠶᠢᠨ ᠬᠢᠨ᠂ ᠣᠳᠣᠬᠠᠨ ᠤ ᠤᠯᠠᠷᠢᠯ ᠤᠨ ᠣᠨᠴᠠᠯᠢᠭ᠂ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠯ ᠤᠨ ᠠᠶᠤᠯ᠂ ᠬᠡᠢ᠂ ᠴᠠᠬᠢᠯᠭᠠᠨ ᠢ ᠬᠡᠷᠬᠢᠨ ᠵᠥᠪ ᠬᠡᠷᠡᠭᠯᠡᠬᠦ ᠶᠢᠨ ᠠᠮᠤᠷ ᠲᠦᠪᠰᠢᠨ ᠤ ᠠᠩᠬᠠᠷᠬᠤ ᠵᠦᠢᠯᠡᠰ᠂ ᠭᠠᠯ ᠤᠨ ᠠᠶᠤᠯ ᠤᠨᠲᠠᠷᠠᠭᠠᠭᠤᠷ ᠢ ᠬᠡᠷᠬᠢᠨ ᠬᠡᠷᠡᠭᠯᠡᠬᠦ ᠵᠡᠷᠭᠡ ᠭᠠᠯ ᠲᠦᠢᠮᠡᠷ ᠢ ᠤᠨᠲᠠᠷᠠᠭᠠᠬᠤ ᠠᠶᠤᠯᠭᠦᠢ ᠶᠢᠨ ᠮᠡᠳᠡᠯᠭᠡ ᠶᠢ ᠭᠤᠣᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠪᠠ᠃ ᠤᠯᠠᠨ ᠢᠶᠠᠷ ᠢᠶᠠᠨ ᠵᠢᠩᠬᠢᠨᠢ ᠬᠢᠷᠢ ᠲᠡᠩᠴᠡᠭᠰᠡᠨ ᠴᠠᠬᠢᠯᠭᠠᠨ ᠬᠡᠷᠡᠭᠰᠡᠯ ᠤᠨ ᠪᠦᠲᠦᠭᠡᠭᠳᠡᠬᠦᠨ ᠢ ᠬᠤᠳᠠᠯᠳᠤᠨ ᠠᠪᠬᠤ ᠪᠠ ᠬᠡᠷᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠲᠠᠮᠠᠬᠠᠢ ᠬᠡᠢ ᠶᠢᠨ ᠬᠤᠭᠤᠯᠠᠢ ᠶᠢᠨ ᠱᠤᠭᠤᠮ ᠢ ᠰᠢᠯᠭᠠᠨ ᠪᠠᠶᠢᠴᠠᠭᠠᠵᠤ ᠬᠠᠮᠠᠭᠠᠯᠠᠬᠤ ᠬᠡᠷᠡᠭᠲᠡᠢ᠂ ᠭᠡᠷ ᠲᠡᠭᠡᠨ ᠪᠠ ᠠᠰᠠᠷ ᠤᠨ ᠭᠤᠳᠤᠮᠵᠢᠨ ᠳᠤ ᠡᠯᠳᠡᠪ ᠶᠠᠭᠤᠮ᠎ᠠ ᠣᠪᠣᠭᠠᠯᠠᠵᠤ ᠪᠣᠯᠬᠤ ᠦᠭᠡᠢ᠂ ᠭᠡᠷ ᠲᠡᠭᠡᠨ ᠪᠠ ᠠᠰᠠᠷ ᠤᠨ ᠭᠤᠳᠤᠮᠵᠢᠨ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠴᠠᠬᠢᠯᠭᠠᠨ ᠴᠡᠨᠡᠭᠯᠡᠵᠦ ᠪᠣᠯᠬᠤ ᠦᠭᠡᠢ᠂ ᠶᠡᠭᠡ ᠬᠦᠴᠦᠨ ᠲᠠᠢ ᠴᠠᠬᠢᠯᠭᠠᠨ ᠬᠡᠷᠡᠭᠰᠡᠯ ᠢ ᠤᠷᠳᠤ ᠬᠤᠭᠤᠴᠠᠭ᠎ᠠ ᠪᠠᠷ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠴᠠᠬᠢᠯᠭᠠᠨ ᠬᠡᠷᠡᠭᠯᠡᠬᠦ ᠰᠠᠶᠢᠨ ᠰᠠᠶᠢᠬᠠᠨ ᠳᠠᠳᠬᠠᠯ ᠢ ᠪᠤᠢ ᠪᠣᠯᠭᠠᠬᠤ ᠬᠡᠷᠡᠭᠲᠡᠢ᠃ ᠠᠳᠠᠯ ᠠᠬᠤᠢ ᠶᠢᠨ ᠠᠵᠤ ᠠᠬᠤᠶᠢᠯᠠᠯ ᠤᠳ ᠬᠤᠷᠢᠶᠠᠯᠠᠯ ᠤᠨ ᠠᠮᠤᠷ ᠲᠦᠪᠰᠢᠨ ᠤ ᠳᠠᠯᠳᠠ ᠬᠡᠮ ᠢ ᠨᠠᠷᠢᠪᠴᠢᠯᠠᠨ ᠪᠠᠶᠢᠴᠠᠭᠠᠬᠤ ᠪᠠᠨ ᠴᠢᠩᠭᠠᠳᠬᠠᠵᠤ᠂ ᠳᠤᠷ᠎ᠠ ᠪᠠᠷ ᠢᠶᠠᠨ ᠴᠠᠬᠢᠯᠭᠠᠨ ᠤᠲᠠᠰᠤ ᠵᠠᠯᠭᠠᠬᠤ᠂ ᠲᠣᠭᠲᠠᠭᠠᠯ ᠢ ᠵᠥᠷᠢᠴᠡᠨ ᠡᠷᠦᠬᠡ ᠳᠤ ᠣᠷᠣᠵᠤ ᠴᠠᠬᠢᠯᠭᠠᠨ ᠴᠡᠨᠡᠭᠯᠡᠬᠦ᠂ ᠵᠠᠮ ᠢ ᠡᠵᠡᠯᠡᠨ ᠬᠡᠷᠡᠭᠯᠡᠬᠦ ᠵᠡᠷᠭᠡ ᠦᠵᠡᠭᠳᠡᠯ ᠢ ᠭᠤᠣᠯᠳᠠᠯᠭ᠎ᠠ ᠲᠠᠢ ᠵᠠᠰᠠᠨ ᠴᠡᠭᠴᠡᠯᠡᠵᠦ᠂ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠬᠤ ᠬᠡᠷᠡᠭᠲᠡᠢ ᠭᠡᠯ᠎ᠡ᠃      ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠲᠠᠷᠠᠭ᠎ᠠ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠺᠠᠳ᠋ᠷ ᠵᠢᠴᠢ ᠰᠠᠶᠢᠨ ᠳᠤᠷ᠎ᠠ ᠶᠢᠨ ᠠᠵᠢᠯᠯᠠᠭᠴᠢ ᠰᠠᠭᠤᠭᠠᠯᠢ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠰᠤᠨ ᠲᠣᠭᠤᠭ᠎ᠠ ᠳᠤ ᠭᠠᠯ ᠤᠨ ᠠᠶᠤᠯ ᠭᠠᠷᠬᠤ ᠵᠡᠷᠭᠡ ᠪᠠᠶᠢᠩᠭᠤ ᠲᠣᠬᠢᠶᠠᠯᠳᠤᠬᠤ ᠭᠠᠯ ᠤᠨ ᠠᠶᠤᠯ ᠢ ᠤᠨᠲᠠᠷᠠᠭᠠᠬᠤ ᠠᠷᠭ᠎ᠠ ᠵᠢᠴᠢ ᠡᠳᠦᠷ ᠲᠤᠳᠤᠮ ᠤᠨ ᠭᠠᠯ ᠤᠨ ᠠᠶᠤᠯ ᠤᠨ ᠠᠶᠤᠯ ᠢ ᠬᠡᠷᠬᠢᠨ ᠵᠥᠪ ᠢᠶᠠᠷ ᠰᠡᠷᠭᠡᠶᠢᠯᠡᠬᠦ᠂ ᠭᠠᠯ ᠤᠨ ᠠᠶᠤᠯ ᠤᠨᠲᠠᠷᠠᠭᠠᠭᠤᠷ ᠢ ᠬᠡᠷᠬᠢᠨ ᠬᠡᠷᠡᠭᠯᠡᠬᠦ᠂ ᠭᠠᠯ ᠤᠨ ᠠᠶᠤᠯ ᠤᠨ ᠠᠶᠤᠯ ᠭᠠᠷᠪᠠᠯ ᠬᠡᠷᠬᠢᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠭᠠᠯ ᠲᠦᠢᠮᠡᠷ ᠢ ᠤᠨᠲᠠᠷᠠᠭᠠᠬᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠪᠠ      ᠲᠣᠰ ᠤᠳᠠᠭᠠᠨ ᠤ ᠠᠵᠢᠯᠯᠠᠭ᠎ᠠ ᠳᠤ ᠠᠮᠤᠷ ᠲᠦᠪᠰᠢᠨ ᠤ ᠮᠡᠳᠡᠯᠭᠡ ᠶᠢᠨ ᠭᠠᠷ ᠳᠡᠪᠲᠡᠷ ᠢ ᠨᠡᠶᠢᠲᠡ 50 ᠳᠡᠪᠲᠡᠷ ᠲᠠᠷᠬᠠᠭᠠᠪᠠ᠃ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠥᠷᠭᠡᠨ ᠤᠯᠠᠨ ᠰᠠᠭᠤᠭᠠᠯᠢ ᠠᠷᠠᠳ ᠭᠠᠯ ᠲᠦᠢᠮᠡᠷ ᠢ ᠤᠨᠲᠠᠷᠠᠭᠠᠬᠤ ᠶᠢ ᠤᠯᠠᠮ ᠲᠠᠨᠢᠵᠤ᠂ ᠭᠠᠯ ᠲᠦᠢᠮᠡᠷ ᠢ ᠤᠨᠲᠠᠷᠠᠭᠠᠬᠤ ᠶᠢ ᠣᠶᠢᠯᠠᠭᠠᠵᠤ᠂ ᠭᠠᠯ ᠲᠦᠢᠮᠡᠷ ᠢ ᠤᠨᠲᠠᠷᠠᠭᠠᠬᠤ ᠶᠢ ᠠᠩᠬᠠᠷᠴᠤ᠂ ᠭᠠᠯ ᠲᠦᠢᠮᠡᠷ ᠤᠨ ᠠᠶᠤᠯ ᠠᠴᠠ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠰᠠᠭᠤᠭᠠᠯᠢ ᠠᠷᠠᠳ ᠨᠢᠭᠡᠪᠦᠷᠢ ᠶᠢᠨ ᠰᠡᠳᠬᠢᠯ ᠳᠤ ᠭᠦᠨ ᠬᠠᠳᠠᠩᠰᠢᠭᠤᠯᠵᠤ᠂ ᠭᠠᠯ ᠲᠦᠢᠮᠡᠷ ᠢ ᠤᠨᠲᠠᠷᠠᠭᠠᠬᠤ ᠤᠬᠠᠭᠤᠯᠭ᠎ᠠ ᠶᠢᠨ ᠪᠦᠷᠬᠦᠴᠡ ᠶᠢ ᠤᠯᠠᠮ ᠥᠷᠭᠡᠳᠬᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠵᠦ᠂ ᠬᠠᠷᠢᠶ᠎ᠠ ᠣᠷᠣᠨ ᠤ ᠭᠠᠯ ᠲᠦᠢᠮᠡᠷ ᠢ ᠤᠨᠲᠠᠷᠠᠭᠠᠬᠤ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠡᠢ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号