ᠰᠢ ᠶᠢᠨ ᠫᠢᠩ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/4/12
        4 ᠰᠠᠷ᠎ᠠ ᠶᠢᠨ 6᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠬᠡᠯᠡᠯᠴᠡᠭᠡ ᠬᠢᠪᠡ᠃
      4 ᠰᠠᠷ᠎ᠠ ᠶᠢᠨ 6᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠬᠡᠯᠡᠯᠴᠡᠭᠡ ᠬᠢᠪᠡ᠃       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ       ᠰᠢ ᠶᠢᠨ ᠫᠢᠩ ᠮᠠᠶᠢᠺᠷᠤᠨ ᠤ ᠳᠤᠮᠳᠠᠳᠤ ᠤᠯᠤᠰ ᠲᠤ ᠳᠠᠬᠢᠨᠲᠠ ᠠᠶᠢᠯᠴᠢᠯᠠᠬᠰᠠᠨ ᠢ ᠪᠠᠶᠠᠷᠯᠠᠨ ᠤᠭᠲᠤᠪᠠ᠃ ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠲᠡᠦᠬᠡ ᠶᠢᠨ ᠭᠦᠨᠵᠡᠭᠡᠢ ᠬᠤᠪᠢᠷᠠᠯᠲᠠ ᠶᠢ ᠥᠩᠭᠡᠷᠡᠭᠡᠵᠦ ᠪᠠᠶᠢᠨ᠎ᠠ᠂ ᠳᠤᠮᠳᠠᠳᠤ ᠹᠷᠠᠨᠼᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠠ ᠪᠡᠶ᠎ᠡ ᠪᠠᠨ ᠳᠠᠭᠠᠭᠠᠵᠤ ᠡᠵᠡᠨ ᠮᠡᠳᠡᠭᠦ ᠤᠯᠠᠮᠵᠢᠯᠠᠯ ᠲᠠᠢ ᠲᠣᠮᠣ ᠤᠯᠤᠰ ᠪᠣᠯᠤᠭᠰᠠᠨ ᠤ ᠬᠤᠪᠢ ᠳᠤ᠂ ᠳᠡᠯᠡᠬᠡᠢ ᠶᠢᠨ ᠤᠯᠠᠨ ᠲᠦᠢᠯᠵᠢᠯᠳᠡ᠂ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯ ᠤᠨ ᠡᠷᠡᠰ ᠪᠠᠲᠤ ᠠᠬᠢᠭᠤᠯᠤᠭᠴᠢ ᠪᠣᠯᠤᠭᠰᠠᠨ ᠤ ᠬᠤᠪᠢ ᠳᠤ᠂ ᠵᠥᠷᠢᠯᠳᠦᠭᠡᠨ ᠪᠠ ᠬᠦᠯᠢᠶᠡᠰᠦᠯᠡᠯ ᠢ ᠳᠠᠪᠠᠭ᠋ᠤ ᠴᠢᠳᠠᠪᠤᠷᠢ ᠬᠢᠭᠡᠳ ᠬᠠᠷᠢᠭᠤᠴᠠᠯᠭ᠎ᠠ ᠲᠠᠢ ᠪᠠᠶᠢᠵᠤ᠂ ᠲᠣᠭᠲᠠᠭᠤᠨ᠂ ᠬᠠᠷᠢᠯᠴᠠᠨ ᠠᠰᠢᠭᠲᠠᠢ᠂ ᠨᠡᠭᠡᠭᠡᠨ ᠥᠷᠭᠡᠳᠬᠡᠬᠦ᠂ ᠥᠭᠡᠳᠡᠯᠡᠨ ᠲᠠᠪᠰᠢᠬᠤ ᠳᠤᠮᠳᠠᠳᠤ ᠹᠷᠠᠨᠼᠢ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠶᠡᠭᠡ ᠴᠢᠭᠯᠡᠯ ᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ ᠂ ᠬᠥᠭᠵᠢᠯ ᠴᠡᠴᠡᠭᠯᠡᠯ ᠢ ᠬᠠᠮᠠᠭᠠᠯᠠᠶ᠎ᠠ ᠭᠡᠵᠦ ᠵᠢᠭᠠᠵᠤ ᠭᠠᠷᠭᠠᠵᠠᠢ᠃       ᠰᠢ ᠶᠢᠨ ᠫᠢᠩ ᠳᠤᠮᠳᠠᠳᠤ ᠹᠷᠠᠨᠼᠢ ᠶᠢᠨ ᠬᠠᠷᠢᠯᠴᠠᠭ᠎ᠠ ᠢᠳᠡᠪᠬᠢᠲᠡᠢ ᠲᠣᠭᠲᠠᠭᠤᠨ ᠢᠶᠠᠷ ᠬᠥᠭᠵᠢᠵᠦ ᠪᠠᠶᠢᠭ᠎ᠠ ᠪᠠᠶᠢᠳᠠᠯ ᠢ ᠢᠳᠡᠪᠬᠢᠲᠡᠢ ᠦᠨᠡᠯᠡᠵᠦ᠂ ᠲᠣᠭᠲᠠᠭᠤᠨ ᠴᠢᠨᠠᠷ ᠪᠣᠯ ᠳᠤᠮᠳᠠᠳᠤ ᠹᠷᠠᠨᠼᠢ ᠶᠢᠨ ᠬᠠᠷᠢᠯᠴᠠᠭᠠᠨ ᠤ ᠲᠣᠪᠤᠶᠢᠮ᠎ᠠ ᠣᠨᠴᠠᠯᠢᠭ ᠪᠠ ᠬᠤᠪᠣᠷ ᠨᠠᠨᠳᠢᠨ ᠥᠪ ᠬᠥᠷᠥᠩᠭᠡ ᠪᠠᠶᠢᠵᠤ᠂ ᠬᠤᠶᠠᠷ ᠲᠠᠯ᠎ᠠ ᠪᠠᠷ ᠢᠶᠠᠨ ᠨᠠᠷᠢᠨ ᠨᠢᠮᠪᠠᠢ ᠬᠠᠮᠠᠭᠠᠯᠠᠭᠤᠰᠢᠲᠠᠢ ᠶᠤᠮ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠪᠦᠭᠦ ᠲᠠᠯ᠎ᠠ ᠶᠢᠨ᠂ ᠥᠨᠳᠥᠷ ᠲᠦᠪᠰᠢᠨ ᠪᠦᠬᠦᠢ ᠣᠯᠣᠯᠴᠠᠭ᠎ᠠ ᠶᠢᠨ ᠠᠷᠭ᠎ᠠ ᠵᠠᠮ ᠢ ᠰᠠᠶᠢᠲᠤᠷ ᠠᠰᠢᠭᠯᠠᠵᠤ᠂ ᠬᠤᠶᠠᠷ ᠤᠯᠤᠰ ᠤᠨ ᠲᠡᠷᠢᠭᠦᠨ ᠤ ᠨᠢᠭᠲᠠ ᠣᠯᠣᠯᠴᠠᠭ᠎ᠠ ᠶᠢ ᠪᠠᠲᠤᠯᠠᠵᠤ᠂ ᠡᠨᠡ ᠵᠢᠯ ᠤᠨ ᠳᠣᠲᠣᠷ᠎ᠠ ᠳᠤᠮᠳᠠᠳᠤ ᠹᠷᠠᠨᠼᠢ ᠶᠢᠨ ᠪᠠᠶᠢᠯᠳᠤᠬᠤ ᠪᠣᠳᠣᠯᠭ᠎ᠠ᠂ ᠠᠵᠤ ᠠᠬᠤᠢ ᠡᠳ᠋ ᠤᠨ ᠵᠠᠰᠠᠭ ᠮᠥᠩᠭᠦᠨ ᠭᠦᠢᠯᠭᠡᠭᠡ ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠭᠤᠷᠪᠠᠨ ᠶᠡᠭᠡ ᠳᠡᠭᠡᠳᠦ ᠲᠡᠰ ᠤᠨ ᠶᠠᠷᠢᠯᠴᠠᠭ᠎ᠠ ᠶᠢᠨ ᠲᠣᠭᠲᠠᠴᠠ ᠶᠢᠨ ᠰᠢᠨ᠎ᠡ ᠨᠢᠭᠡ ᠤᠳᠠᠭ᠎ᠠ ᠶᠢᠨ ᠬᠤᠷᠠᠯ ᠢ ᠬᠤᠷᠠᠯᠳᠤᠭᠤᠯᠤᠶ᠎ᠠ᠃ ᠬᠤᠶᠠᠷ ᠲᠠᠯ᠎ᠠ ᠪᠠᠷ ᠢᠶᠠᠨ ᠨᠦᠭᠦᠭᠡ ᠲᠠᠯ᠎ᠠ ᠶᠢᠨ ᠢᠶᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠷᠢᠯᠴᠠᠨ ᠭᠦᠨᠳᠦᠳᠭᠡᠵᠦ᠂ ᠨᠦᠭᠦᠭᠡ ᠲᠠᠯ᠎ᠠ ᠶᠢᠨ ᠢᠶᠠᠨ ᠭᠤᠣᠯᠯᠠᠭᠴᠢ ᠠᠰᠢᠭ ᠲᠤᠰᠠ ᠶᠢ ᠭᠦᠨᠳᠦᠳᠭᠡᠵᠦ᠂ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ ᠬᠠᠮᠢᠶᠠᠷᠤᠨ ᠡᠵᠡᠮᠳᠡᠶ᠎ᠡ᠃ ᠬᠠᠷᠢᠯᠴᠠᠨ ᠠᠰᠢᠭᠲᠠᠢ ᠬᠠᠷᠢᠯᠴᠠᠨ ᠠᠰᠢᠭ ᠬᠦᠷᠲᠡᠵᠦ᠂ ᠬᠠᠮᠲᠤ ᠪᠠᠷ ᠭᠦᠭᠵᠢᠭᠦ ᠶᠢ ᠪᠠᠷᠢᠮᠲᠠᠯᠠᠶ᠎ᠠ᠃ ᠳᠤᠮᠳᠠᠳᠤ ᠤᠯᠤᠰ ᠶᠠᠭ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢ ᠶᠡᠭᠡ ᠪᠠᠷ ᠠᠬᠢᠭᠤᠯᠵᠤ ᠪᠤᠶ᠂ ᠡᠨᠡ ᠨᠢ ᠹᠷᠠᠨᠼᠢ ᠳᠤ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠵᠠ ᠲᠣᠭᠢᠶᠠᠯ ᠢ ᠬᠠᠩᠭᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠹᠷᠠᠨᠼᠢ ᠶᠢᠨ ᠲᠠᠯ᠎ᠠ ᠲᠠᠢ ᠬᠥᠳᠡᠭᠡ ᠠᠵᠤ ᠠᠬᠤᠢ ᠢᠳᠡᠭᠡᠨ ᠤ ᠵᠦᠢᠯ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠠᠷᠠᠳ ᠤᠨ ᠬᠡᠷᠡᠭᠯᠡᠭᠡᠨ ᠤ ᠴᠥᠮ᠎ᠡ ᠶᠢᠨ ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠠᠷᠠᠯᠵᠢᠶ᠎ᠠ᠂ ᠪᠣᠬᠢᠷᠳᠤᠯ ᠦᠭᠡᠢ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠰᠢᠨ᠎ᠡ ᠬᠠᠮᠲᠤᠷᠠᠯᠴᠠᠭᠠᠨ ᠤ ᠨᠡᠮᠡᠭᠳᠡᠯ ᠤᠨ ᠴᠡᠭ ᠢ ᠪᠤᠶᠢᠵᠢᠭᠤᠯᠵᠤ᠂ ᠬᠤᠶᠠᠷ ᠲᠠᠯ᠎ᠠ ᠪᠠᠷ ᠢᠶᠠᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠥᠪ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠳᠡᠮᠵᠢᠵᠦ᠂ ᠴᠢᠳᠠᠪᠤᠷᠢᠲᠠᠨ ᠢ ᠬᠠᠮᠲᠤᠷᠠᠨ ᠬᠥᠮᠥᠵᠢᠭᠦᠯᠬᠦ ᠶᠢ ᠴᠢᠩᠭᠠᠳᠬᠠᠶ᠎ᠠ᠃ ᠹᠷᠠᠨᠼᠢ ᠶᠢᠨ ᠬᠢᠨ 2024 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠪᠣᠯᠣᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠭᠤᠣᠯ ᠵᠣᠴᠢᠨ ᠤᠯᠤᠰ ᠪᠤᠯᠬᠤ ᠶᠢ ᠪᠠᠶᠠᠷᠯᠠᠨ ᠤᠭᠲᠤᠵᠤ ᠪᠠᠶᠢᠨ᠎ᠠ᠃ ᠹᠷᠠᠨᠼᠢ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠬᠤ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠹᠷᠠᠨᠼᠢ ᠯᠤᠭ᠎ᠠ ᠢᠷᠡᠬᠦ ᠵᠢᠯ ᠤᠨ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠵᠢᠴᠢ ᠳᠤᠮᠳᠠᠳᠤ ᠹᠷᠠᠨᠼᠢ ᠶᠢᠨ ᠰᠣᠶᠣᠯ ᠵᠢᠭᠤᠯᠴᠢᠯᠠᠯ ᠤᠨ ᠣᠨ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠢᠶᠠᠷ ᠠᠵᠠ ᠲᠣᠭᠢᠶᠠᠯ ᠪᠤᠯᠭᠠᠵᠤ᠂ ᠬᠤᠯᠪᠣᠭᠳᠠᠯ ᠪᠦᠬᠦᠢ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠵᠢᠭᠠᠵᠤ ᠭᠠᠷᠭᠠᠵᠠᠢ᠃       ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠨᠡᠭᠡᠭᠡᠯᠲᠡ ᠲᠠᠢ ᠣᠪᠣᠷ ᠢᠶᠠᠷ ᠦᠷᠭᠦᠯᠵᠢᠯᠡᠨ ᠹᠷᠠᠨᠼᠢ ᠶᠢᠨ ᠬᠢᠨ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠬᠤᠷᠢᠨ ᠤᠯᠤᠰ ᠤᠨ ᠪᠦᠯᠦᠭᠯᠡᠯ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠣᠭᠲᠠᠴᠠ ᠳᠤ ᠨᠢᠭᠲᠠ ᠣᠯᠣᠯᠴᠠᠭ᠎ᠠ ᠪᠠ ᠬᠠᠮᠵᠢᠯᠴᠠᠭ᠎ᠠ ᠪᠠᠨ ᠪᠠᠲᠤᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠬᠠᠮᠲᠤ ᠪᠠᠷ ᠦᠢᠯᠡᠳᠦᠯᠭᠡᠵᠢᠭᠦᠯᠵᠦ᠂ ᠠᠭᠤᠷ ᠠᠮᠢᠰᠬᠤᠯ ᠤᠨ ᠬᠤᠪᠢᠷᠠᠯᠲᠠ᠂ ᠡᠨᠧᠷᠭᠢ ᠶᠢᠨ ᠠᠰᠠᠭᠤᠳᠠᠯ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠨ᠎ᠠ᠃ ᠹᠷᠠᠨᠼᠢ ᠶᠢᠨ ᠬᠢᠨ 2025 ᠣᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠠᠯᠠᠢ ᠲᠠᠩᠭᠢᠰ ᠤᠨ ᠶᠡᠭᠡ ᠬᠤᠷᠠᠯ ᠢ ᠰᠠᠶᠢᠲᠤᠷ ᠡᠷᠭᠢᠯᠡᠭᠦ ᠶᠢ ᠳᠤᠮᠳᠠᠳᠤ ᠤᠯᠤᠰ ᠳᠡᠮᠵᠢᠨ᠎ᠠ᠂ ᠹᠷᠠᠨᠼᠢ ᠶᠢᠨ ᠬᠢᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾᠎ ᠎ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠵᠠᠢ᠃       ᠰᠢ ᠶᠢᠨ ᠫᠢᠩ᠂ ᠪᠦᠭᠦ ᠪᠥᠮᠪᠥᠷᠴᠡᠭ ᠤᠨ ᠬᠤᠶᠠᠷ ᠲᠣᠮᠣ ᠬᠦᠴᠦᠨ᠂ ᠬᠤᠶᠠᠷ ᠲᠣᠮᠣ ᠵᠠᠬ᠎ᠠ ᠳᠡᠯᠭᠡᠭᠦᠷ᠂ ᠬᠤᠶᠠᠷ ᠲᠣᠮᠣ ᠪᠣᠯᠪᠠᠰᠤᠨ ᠪᠣᠯᠤᠭᠰᠠᠨ ᠤ ᠬᠤᠪᠢ ᠳᠤ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠬᠤᠶᠠᠷ ᠲᠠᠯ᠎ᠠ ᠶᠢᠨ ᠪᠤᠶᠠᠨ ᠵᠢᠷᠭᠠᠯ ᠲᠠᠢ ᠬᠤᠯᠪᠣᠭᠳᠠᠵᠤ᠂ ᠪᠦᠭᠦ ᠪᠥᠮᠪᠥᠷᠴᠡᠭ ᠤᠨ ᠲᠣᠭᠲᠠᠭᠤᠨ ᠪᠠ ᠬᠥᠭᠵᠢᠯ ᠴᠡᠴᠡᠭᠯᠡᠯ ᠲᠠᠢ ᠬᠤᠯᠪᠣᠭᠳᠠᠨ᠎ᠠ᠃ ᠳᠤᠮᠳᠠᠳᠤ ᠤᠯᠤᠰ ᠤᠨ ᠡᠸᠦ᠋ᠷᠦᠫᠡ ᠲᠢᠪ ᠲᠤ ᠠᠪᠬᠤ ᠲᠦᠷᠦ ᠶᠢᠨ ᠪᠣᠳᠣᠯᠭ᠎ᠠ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠵᠤ᠂ ᠢᠮᠠᠭᠲᠠ ᠡᠸᠦ᠋ᠷᠦᠫᠡ ᠲᠢᠪ ᠢ ᠤᠯᠠᠨ ᠲᠦᠢᠯᠵᠢᠭᠰᠡᠨ ᠳᠡᠯᠡᠬᠡᠢ ᠶᠢᠷᠲᠢᠨᠴᠦ ᠳᠠᠬᠢ ᠲᠤᠰᠠᠭᠠᠷ ᠨᠢᠭᠡ ᠲᠦᠢᠯ ᠢᠶᠠᠷ ᠦᠵᠡᠵᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠬᠠᠨᠳᠤᠭᠤᠯᠬᠤ ᠦᠭᠡᠢ᠂ ᠲᠦᠰᠢᠭᠯᠡᠬᠦ ᠦᠭᠡᠢ᠂ ᠪᠠᠰᠠ ᠭᠤᠷᠪᠠᠳᠤᠭᠠᠷ ᠡᠲᠡᠭᠡᠳ ᠲᠤ ᠬᠢᠵᠠᠭᠠᠷᠯᠠᠭᠳᠠᠬᠤ ᠦᠭᠡᠢ ᠪᠠᠶᠢᠬᠤ ᠶᠢ ᠪᠠᠷᠢᠮᠲᠠᠯᠠᠨ᠎ᠠ᠃ ᠲᠤᠮᠳᠠᠳᠤ ᠤᠯᠤᠰ ᠳᠤᠷᠠᠲᠠᠶ᠎ᠠ ᠡᠨᠡ ᠵᠢᠯ ᠤᠨ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠣᠶ ᠪᠠᠷ ᠠᠵᠠ ᠲᠣᠭᠢᠶᠠᠯ ᠪᠤᠯᠭᠠᠵᠤ ᠡᠸᠦ᠋ᠷᠦᠫᠡ ᠶᠢᠨ ᠬᠢᠨ ᠲᠠᠢ ᠬᠠᠮᠲᠤ ᠪᠠᠷ᠂ ᠰᠣᠯᠢᠯᠴᠠᠭ᠎ᠠ ᠶᠠᠷᠢᠯᠴᠠᠭ᠎ᠠ ᠶᠢ ᠪᠦᠭᠦ ᠲᠠᠯ᠎ᠠ ᠪᠠᠷ ᠳᠠᠭᠢᠨ ᠡᠬᠢᠯᠡᠭᠦᠯᠵᠦ᠂ ᠳᠤᠮᠳᠠᠳᠤ ᠡᠸᠦ᠋ᠷᠦᠫᠡ ᠶᠢᠨ ᠨᠥᠭᠦᠷᠰᠡᠭ ᠬᠠᠮᠲᠤᠷᠠᠯᠴᠠᠭᠠᠨ ᠤ ᠭᠤᠣᠯ ᠭᠦᠭ ᠠᠶᠠᠰ ᠢ ᠪᠠᠬᠢᠵᠢᠭᠦᠯᠵᠦ᠂ ᠲᠣᠭᠲᠠᠭᠤᠨ ᠪᠥᠭᠡᠳ ᠬᠠᠷᠢᠯᠴᠠᠨ ᠢᠲᠡᠭᠡᠯᠴᠡᠭᠰᠡᠨ ᠬᠠᠩᠭᠠᠯᠭ᠎ᠠ ᠶᠢᠨ ᠬᠡᠯᠬᠢᠶ᠎ᠡ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠲᠤᠬᠠᠢ ᠰᠤᠳᠤᠯᠤᠨ ᠶᠠᠷᠢᠯᠴᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠦᠨ᠎ᠡ᠃ ᠹᠷᠠᠨᠼᠢ ᠶᠢᠨ ᠬᠢᠨ ᠢᠳᠡᠪᠬᠢᠲᠡᠢ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃       ᠮᠠᠶᠢᠺᠷᠤᠨ᠂ ᠪᠢ 3 ᠵᠢᠯ ᠤᠨ ᠡᠮᠦᠨ᠎ᠡ ᠳᠤᠮᠳᠠᠳᠤ ᠤᠯᠤᠰ ᠲᠤ ᠠᠶᠢᠯᠴᠢᠯᠠᠬᠰᠠᠨ ᠪᠠᠶᠢᠳᠠᠯ ᠢᠶᠠᠨ ᠲᠣᠪ ᠲᠣᠳᠣᠷᠬᠠᠢ ᠴᠡᠭᠡᠵᠢᠯᠡᠭᠰᠡᠭᠡᠷ ᠪᠠᠶᠢᠨ᠎ᠠ᠂ ᠳᠤᠮᠳᠠᠳᠤ ᠤᠯᠤᠰ ᠲᠤ ᠳᠠᠬᠢᠨᠲᠠ ᠠᠶᠢᠯᠴᠢᠯᠠᠵᠤ᠂ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠹᠷᠠᠨᠼᠢ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠴᠢᠨᠠᠭᠰᠢᠳᠠ ᠳᠡᠭᠡᠭᠰᠢᠯᠡᠭᠦᠯᠭᠦ ᠲᠤᠬᠠᠢ ᠶᠠᠷᠢᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠪᠢ ᠲᠡᠷᠢᠭᠦᠯᠡᠭᠴᠢ ᠰᠢ ᠶᠢᠨ ᠫᠢᠩ ᠤᠨ ᠹᠷᠠᠨᠼᠢ ᠳᠤᠮᠳᠠᠳᠤ ᠶᠢᠨ ᠬᠠᠷᠢᠯᠴᠠᠭ᠎ᠠ ᠶᠢᠨ ᠲᠤᠬᠠᠢ ᠢᠳᠡᠪᠬᠢᠲᠡᠢ ᠦᠨᠡᠯᠡᠯᠲᠡ ᠵᠢᠴᠢ ᠬᠤᠶᠠᠷ ᠲᠠᠯ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠲᠤᠬᠠᠢ ᠳᠤᠷᠠᠳᠤᠭᠰᠠᠨ ᠴᠢᠬᠤᠯᠠ ᠰᠠᠨᠠᠭᠤᠯᠭ᠎ᠠ ᠶᠢ ᠪᠦᠷᠢᠮᠦᠰᠦᠨ ᠵᠥᠪᠰᠢᠶᠡᠷᠡᠨ᠎ᠡ᠃ ᠢᠷᠡᠬᠦ ᠵᠢᠯ ᠹᠷᠠᠨᠼᠢ ᠳᠤᠮᠳᠠᠳᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠠᠨ ᠬᠠᠮᠲᠤ ᠪᠠᠷ ᠪᠡᠯᠭᠡᠯᠡᠬᠦ ᠪᠣᠯᠣᠨ᠎ᠠ᠃ 60 ᠵᠢᠯ ᠤᠨ ᠲᠤᠷᠰᠢ᠂ ᠹᠷᠠᠨᠼᠢ ᠳᠤᠮᠳᠠᠳᠤ ᠶᠢᠨ ᠬᠠᠷᠢᠯᠴᠠᠭ᠎ᠠ ᠲᠣᠭᠲᠠᠭᠤᠨ ᠪᠥᠭᠡᠳ ᠡᠷᠡᠭᠦᠯ ᠢᠶᠠᠷ ᠭᠦᠭᠵᠢᠭᠦ ᠶᠢ ᠪᠠᠲᠤᠯᠠᠪᠠ᠃ ᠹᠷᠠᠨᠼᠢ ᠳᠤᠮᠳᠠᠳᠤ ᠬᠤᠶᠠᠷ ᠤᠯᠤᠰ ᠤᠨ ᠬᠥᠭᠵᠢᠯᠲᠡ ᠶᠢᠨ ᠵᠠᠭᠪᠤᠷ ᠠᠳᠠᠯᠢ ᠪᠤᠰᠤ ᠪᠤᠯᠪᠠᠴᠤ ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ᠂ ᠦᠨᠡᠨᠴᠢ ᠪᠠᠷ ᠰᠣᠯᠢᠯᠴᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢᠨ ᠬᠠᠮᠲᠤ ᠣᠳᠣᠬᠠᠨ ᠤ ᠳᠡᠯᠡᠬᠡᠢ ᠶᠢᠷᠲᠢᠨᠴᠦ ᠳᠤ ᠲᠤᠯᠭᠠᠷᠠᠵᠤ ᠪᠠᠶᠢᠭ᠎ᠠ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤᠷᠠᠯᠴᠠᠨ ᠠᠷᠭᠠᠴᠠᠭᠠᠬᠤ ᠲᠠᠯ᠎ᠠ ᠪᠠᠷ ᠴᠢᠬᠤᠯᠠ ᠠᠬᠢᠴᠠ ᠲᠠᠢ ᠪᠣᠯᠪᠠ᠃ ᠹᠷᠠᠨᠼᠢ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠬᠦᠨᠳᠦᠳᠬᠡᠬᠦ ᠶᠢᠨ ᠬᠠᠮᠲᠤ ᠵᠢᠷᠤᠮᠯᠠᠨ ᠬᠥᠭᠵᠢᠭᠦᠯᠦᠨ᠎ᠡ᠃ ᠪᠢ ᠡᠨᠡ ᠤᠳᠠᠭ᠎ᠠ ᠲᠣᠮᠣ ᠬᠡᠪᠴᠢᠶᠡᠨ ᠤ ᠲᠥᠯᠥᠭᠡᠯᠡᠭᠴᠢᠳ ᠤᠨ ᠪᠦᠯᠭᠦᠮ ᠳᠠᠭᠠᠭᠤᠯᠤᠨ ᠳᠤᠮᠳᠠᠳᠤ ᠤᠯᠤᠰ ᠲᠤ ᠠᠶᠢᠯᠴᠢᠯᠠᠬᠰᠠᠨ ᠨᠢ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠬᠤ ᠶᠢ ᠬᠦᠰᠡᠭᠰᠡᠨ ᠶᠤᠮ᠃ ᠹᠷᠠᠨᠼᠢ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠺᠦᠨᠮᠢᠩ - ᠮᠣᠨᠳ᠋ᠷᠧᠶᠠᠯ ᠤᠨ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾᠎ ᠎ ᠶᠢᠨ ᠠᠷᠪᠠᠨ ᠲᠠᠪᠤᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠢ ᠠᠮᠵᠢᠯᠲᠠ ᠲᠠᠢ ᠡᠷᠭᠢᠯᠡᠭᠰᠡᠨ ᠳᠤ ᠪᠠᠶᠠᠷ ᠬᠦᠷᠭᠡᠵᠦ ᠪᠠᠶᠢᠨ᠎ᠠ᠂ ᠠᠭᠤᠷ ᠠᠮᠢᠰᠬᠤᠯ ᠤᠨ ᠬᠤᠪᠢᠷᠠᠯᠲᠠ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠠᠰᠠᠭᠤᠳᠠᠯ ᠤᠨ ᠲᠠᠯ᠎ᠠ ᠪᠠᠷ ᠳᠤᠮᠳᠠᠳᠤ ᠤᠯᠤᠰ ᠲᠠᠢ ᠦᠷᠭᠦᠯᠵᠢᠯᠡᠨ ᠨᠢᠭᠲᠠ ᠣᠯᠣᠯᠴᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾᠎ ᠎ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠭᠢᠯᠡᠭᠦ ᠪᠠᠷ ᠪᠠᠶᠢᠨ᠎ᠠ᠂ ᠹᠷᠠᠨᠼᠢ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠡᠭᠦᠨ ᠤ ᠲᠤᠬᠠᠢ ᠬᠠᠮᠲᠤᠷᠠᠯᠴᠠᠭ᠎ᠠ ᠥᠷᠨᠢᠭᠦᠯᠦᠨ᠎ᠡ᠃ ᠹᠷᠠᠨᠼᠢ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠶᠢ ᠢᠮᠠᠭᠲᠠ ᠵᠢᠷᠤᠮᠯᠠᠵᠤ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠢᠳᠡᠪᠬᠢᠲᠡᠢ ᠦᠢᠯᠡᠳᠦᠯ ᠦᠵᠡᠭᠦᠯᠵᠦ ᠪᠠᠶᠢᠬᠤ ᠶᠢ ᠮᠠᠭᠲᠠᠨ ᠰᠠᠶᠢᠰᠢᠶᠠᠵᠤ ᠪᠠᠶᠢᠨ᠎ᠠ᠂ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠳᠡᠯᠡᠬᠡᠢ ᠶᠢᠨ ᠥᠨᠢ ᠤᠳᠠᠭᠠᠨ ᠤ ᠡᠩᠬᠡ ᠲᠠᠶᠢᠪᠤᠩ ᠪᠠ ᠲᠣᠭᠲᠠᠭᠤᠨ ᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃       ᠮᠠᠶᠢᠺᠷᠤᠨ᠂ ᠹᠷᠠᠨᠼᠢ ᠶᠢᠨ ᠲᠠᠯ᠎ᠠ ᠶᠢᠨ ᠬᠢᠨ ᠪᠡᠶ᠎ᠡ ᠪᠠᠨ ᠳᠠᠭᠠᠭᠠᠵᠤ ᠡᠵᠡᠨ ᠮᠡᠳᠡᠭᠦ ᠭᠠᠳᠠᠭᠠᠳᠤ ᠬᠠᠷᠢᠯᠴᠠᠭ᠎ᠠ ᠶᠢ ᠪᠠᠷᠢᠮᠲᠠᠯᠠᠵᠤ᠂ ᠡᠸᠦ᠋ᠷᠦᠫᠡ ᠲᠢᠪ ᠤᠨ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠰᠠᠨᠠᠭᠠᠴᠢᠯᠠᠵᠤ᠂ ᠡᠰᠡᠷᠭᠦᠴᠡᠯᠳᠦᠨ ᠬᠠᠭᠠᠴᠠᠭᠤᠯᠬᠤ ᠶᠢ ᠡᠰᠡᠷᠭᠦᠴᠡᠵᠦ᠂ ᠯᠡᠭᠧᠷ ᠤᠨ ᠡᠰᠡᠷᠭᠦᠴᠡᠯᠳᠦᠯ ᠢ ᠡᠭᠦᠰᠬᠡᠬᠦ ᠶᠢ ᠡᠰᠡᠷᠭᠦᠴᠡᠨ᠎ᠡ᠃ ᠹᠷᠠᠨᠼᠢ ᠠᠯᠢ ᠴᠤ ᠲᠠᠯ᠎ᠠ ᠳᠤᠨᠢ ᠵᠤᠬᠰᠤᠬᠤ ᠦᠭᠡᠢ᠂ ᠬᠠᠷᠢᠨ ᠪᠦᠯᠬᠦᠮᠳᠡᠨ ᠬᠠᠮᠲᠤᠷᠠᠯᠴᠠᠬᠤ ᠶᠢ ᠰᠠᠨᠠᠭᠠᠴᠢᠯᠠᠵᠤ᠂ ᠶᠡᠭᠡ ᠤᠯᠤᠰ ᠤᠨ ᠬᠠᠷᠢᠯᠴᠠᠭ᠎ᠠ ᠶᠢᠨ ᠲᠣᠭᠲᠠᠭᠤᠨ ᠢ ᠪᠠᠲᠤᠯᠠᠨ᠎ᠠ᠃ ᠹᠷᠠᠨᠼᠢ ᠶᠢᠨ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠦᠨᠡᠨᠴᠢ ᠪᠥᠭᠡᠳ ᠭᠦᠨᠵᠡᠭᠡᠢ ᠣᠯᠣᠯᠴᠠᠭ᠎ᠠ ᠪᠠᠨ ᠪᠠᠲᠤᠯᠠᠵᠤ᠂ ᠢᠲᠡᠭᠡᠯᠴᠡᠭᠡ ᠪᠠᠨ ᠨᠡᠮᠡᠭᠳᠡᠭᠦᠯᠵᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠪᠠᠨ ᠦᠯᠡᠳᠡᠭᠡᠵᠦ᠂ ᠨᠡᠭᠡᠭᠡᠯᠲᠡ ᠬᠢᠵᠦ ᠬᠠᠮᠲᠤᠷᠠᠯᠴᠠᠭ᠎ᠠ ᠥᠷᠨᠢᠭᠦᠯᠦᠨ᠎ᠡ᠃ ᠹᠷᠠᠨᠼᠢ ᠶᠢᠨ ᠬᠢᠨ ᠳᠤᠷᠠᠲᠠᠶ᠎ᠠ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ ᠭᠡᠵᠦ ᠢᠯᠡᠳᠬᠡᠪᠡ᠃       ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠦᠺᠷᠠᠶᠢᠨ ᠤ ᠠᠰᠠᠭᠤᠳᠠᠯ ᠳᠡᠭᠡᠷ᠎ᠡ ᠳᠤᠮᠳᠠᠳᠤ ᠤᠯᠤᠰ ᠤᠨ ᠵᠣᠭᠰᠣᠯᠲᠠ ᠪᠣᠯ ᠢᠮᠠᠭᠲᠠ ᠬᠤᠪᠢᠷᠠᠰᠢ ᠦᠭᠡᠢ ᠪᠥᠭᠡᠳ ᠲᠣᠳᠣᠷᠬᠠᠢ ᠶᠤᠮ᠂ ᠭᠤᠣᠯ ᠠᠭᠤᠯᠭ᠎ᠠ ᠪᠣᠯ ᠳᠠᠷᠤᠢ ᠢᠳᠬᠠᠨ ᠡᠪᠰᠡᠭᠦᠯᠵᠦ ᠬᠡᠯᠡᠯᠴᠡᠭᠡ ᠭᠢᠯᠭᠡᠭᠦ᠂ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ᠶᠠᠪᠤᠳᠠᠯ ᠪᠣᠯᠣᠨ᠎ᠠ᠃ ᠬᠢᠮᠤᠷᠠᠯ ᠢ ᠨᠠᠮᠳᠠᠭᠠᠬᠤ ᠳᠤ ᠬᠤᠪᠢᠯᠭᠠᠨ ᠡᠮ ᠭᠡᠵᠦ ᠪᠠᠶᠢᠬᠤ ᠦᠭᠡᠢ᠂ ᠡᠯ᠎ᠡ ᠲᠠᠯ᠎ᠠ ᠶᠢᠨ ᠬᠢᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠢᠲᠡᠭᠡᠯᠴᠡᠭᠡ ᠪᠠᠨ ᠨᠡᠮᠡᠭᠳᠡᠭᠦᠯᠬᠦ ᠪᠠᠷ ᠳᠠᠮᠵᠢᠨ ᠳᠠᠶᠢᠨ ᠢ ᠵᠣᠭᠰᠤᠭᠠᠬᠤ ᠨᠠᠶᠢᠷᠠᠮᠳᠠᠯ ᠤᠨ ᠬᠡᠯᠡᠯᠴᠡᠭᠡ ᠬᠢᠬᠦ ᠨᠥᠬᠦᠴᠡᠯ ᠢ ᠪᠦᠷᠢᠯᠳᠦᠭᠦᠯᠬᠦ ᠬᠡᠷᠡᠭᠲᠡᠢ᠃ ᠳᠤᠮᠳᠠᠳᠤ ᠤᠯᠤᠰ ᠡᠸᠦ᠋ᠷᠦᠫᠡ ᠶᠢᠨ ᠬᠢᠨ ᠤ ᠤᠯᠤᠰ ᠲᠥᠷᠥ ᠪᠠᠷ ᠬᠢᠮᠤᠷᠠᠯ ᠢ ᠰᠢᠢᠳᠪᠦᠷᠢᠯᠡᠬᠦ ᠳᠤ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ ᠂ ᠳᠤᠷᠠᠲᠠᠶ᠎ᠠ ᠹᠷᠠᠨᠼᠢ ᠶᠢᠨ ᠬᠢᠨ ᠲᠠᠢ ᠬᠠᠮᠲᠤ ᠪᠠᠷ ᠳᠡᠯᠡᠬᠡᠢ ᠨᠡᠶᠢᠳᠠ ᠶᠢᠨ ᠬᠢᠨ ᠢ ᠣᠶᠤᠨᠯᠢᠭ ᠢᠶᠠᠷ ᠬᠦᠯᠢᠴᠡᠨ ᠲᠡᠰᠪᠦᠷᠢᠯᠡᠵᠦ᠂ ᠬᠢᠮᠤᠷᠠᠯ ᠢ ᠴᠢᠨᠠᠭᠰᠢᠳᠠ ᠬᠡᠴᠡᠭᠦᠳᠡᠭᠦᠯᠬᠦ ᠴᠢᠨᠠᠭᠰᠢᠯᠠᠪᠠᠯ ᠡᠵᠡᠮᠳᠡᠵᠦ ᠲᠡᠶᠢᠯᠭᠦ ᠦᠭᠡᠢ ᠪᠤᠯᠭᠠᠬᠤ ᠠᠵᠢᠯᠯᠠᠭ᠎ᠠ ᠠᠪᠬᠤ ᠠᠴᠠ ᠵᠠᠶᠢᠯᠠᠰᠬᠢᠬᠦ ᠶᠢ ᠤᠷᠢᠶᠠᠯᠠᠨ᠎ᠠ︔ ᠤᠯᠠᠨ ᠤᠯᠤᠰ ᠤᠨ ᠬᠥᠮᠦᠯᠢᠭ ᠬᠠᠤᠯᠢ ᠶᠢ ᠴᠢᠩᠭ᠎ᠠ ᠵᠢᠷᠤᠮᠯᠠᠵᠤ᠂ ᠡᠭᠡᠯ ᠠᠷᠠᠳ ᠪᠠ ᠠᠷᠠᠳ ᠤᠨ ᠬᠡᠷᠡᠭᠯᠡᠭᠡᠨ ᠤ ᠲᠤᠨᠤᠭ ᠲᠥᠬᠦᠭᠡᠷᠦᠮᠵᠢ ᠶᠢ ᠲᠠᠭᠠᠷᠢᠬᠤ ᠠᠴᠠ ᠵᠠᠶᠢᠯᠠᠰᠬᠢᠵᠦ᠂ ᠡᠮᠡᠭᠲᠡᠶᠢᠴᠦᠳ᠂ ᠬᠡᠦᠬᠡᠳ ᠵᠡᠷᠭᠡ ᠮᠥᠷᠭᠦᠯᠳᠦᠭᠡᠨ ᠤ ᠳᠤᠮᠳᠠ ᠬᠤᠬᠢᠷᠠᠯ ᠠᠮᠰᠠᠭᠴᠢ ᠶᠢ ᠬᠠᠮᠠᠭᠠᠯᠠᠨ᠎ᠠ︔ ᠴᠥᠮ᠎ᠡ ᠶᠢᠨ ᠵᠡᠪᠰᠡᠭ ᠢ ᠬᠡᠷᠡᠭᠯᠡᠵᠦ ᠪᠤᠯᠬᠤ ᠦᠭᠡᠢ᠂ ᠴᠥᠮ᠎ᠡ ᠶᠢᠨ ᠲᠠᠶᠢᠨ ᠢ ᠡᠭᠦᠰᠬᠡᠵᠦ ᠪᠤᠯᠬᠤ ᠦᠭᠡᠢ ᠭᠡᠰᠡᠨ ᠠᠮᠠᠯᠠᠯᠲᠠ ᠪᠠᠨ ᠦᠨᠡᠨ ᠬᠦ ᠭᠦᠢᠴᠡᠳᠬᠡᠵᠦ᠂ ᠶᠠᠮᠠᠷᠪᠠ ᠪᠠᠶᠢᠳᠠᠯ ᠤᠨ ᠳᠣᠣᠷ᠎ᠠ ᠭᠡᠰᠡᠨ ᠴᠤ ᠠᠮᠢᠳᠤ ᠪᠣᠳᠠᠰ ᠤᠨ ᠬᠢᠮᠢ ᠶᠢᠨ ᠵᠡᠪᠰᠡᠭ ᠢ ᠬᠡᠷᠡᠭᠯᠡᠬᠦ ᠶᠢ ᠡᠰᠡᠷᠭᠦᠴᠡᠵᠦ᠂ ᠴᠥᠮ᠎ᠡ ᠶᠢᠨ ᠴᠠᠭᠢᠯᠭᠠᠨ ᠦᠷᠳᠡᠭᠡ ᠵᠡᠷᠭᠡ ᠠᠷᠠᠳ ᠤᠨ ᠬᠡᠷᠡᠭᠯᠡᠭᠡᠨ ᠤ ᠴᠥᠮ᠎ᠡ ᠶᠢᠨ ᠲᠤᠨᠤᠭ ᠲᠥᠬᠦᠭᠡᠷᠦᠮᠵᠢ ᠶᠢ ᠵᠡᠪᠰᠡᠭᠲᠦ ᠬᠦᠴᠦᠨ ᠢᠶᠠᠷ ᠲᠠᠭᠠᠷᠢᠬᠤ ᠶᠢ ᠡᠰᠡᠷᠭᠦᠴᠡᠨ᠎ᠡ︔ ᠨᠠᠶᠢᠷᠠᠮᠳᠠᠯ ᠤᠨ ᠬᠡᠯᠡᠯᠴᠡᠭᠡ ᠶᠢ ᠳᠠᠭᠢᠨ ᠡᠭᠢᠯᠡᠭᠦᠯᠭᠦ ᠶᠢ ᠲᠦᠷᠭᠡᠳᠬᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠶᠣᠰᠣᠭᠠᠷ᠂ ᠡᠯ᠎ᠡ ᠲᠠᠯ᠎ᠠ ᠶᠢᠨ ᠬᠢᠨ ᠤ ᠵᠦᠢ ᠵᠣᠬᠢᠰᠲᠠᠢ ᠠᠮᠤᠷ ᠲᠦᠪᠰᠢᠨ ᠤ ᠲᠤᠬᠠᠢ ᠠᠩᠬᠠᠷᠤᠯ ᠠᠰᠠᠭᠤᠳᠠᠯ ᠢ ᠬᠠᠮᠲᠤ ᠳᠤᠨᠢ ᠬᠠᠷᠠᠭᠠᠯᠵᠠᠨ᠂ ᠤᠯᠤᠰ ᠲᠦᠷᠦ ᠪᠠᠷ ᠰᠢᠢᠳᠪᠦᠷᠢᠯᠡᠬᠦ ᠶᠢ ᠰᠦᠪᠡᠭᠴᠢᠯᠡᠵᠦ᠂ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠡᠸᠦ᠋ᠷᠦᠫᠡ ᠲᠢᠪ ᠤᠨ ᠠᠮᠤᠷ ᠲᠦᠪᠰᠢᠨ ᠤ ᠪᠦᠳᠦᠭᠡᠪᠴᠢ ᠲᠥᠯᠥᠪ ᠢ ᠪᠠᠶᠢᠭᠤᠯᠤᠨ᠎ᠠ︔ ᠦᠺᠷᠠᠶᠢᠨ ᠤ ᠬᠢᠮᠤᠷᠠᠯ ᠤᠨ ᠠᠮᠤ ᠪᠤᠳᠠᠭ᠎ᠠ᠂ ᠡᠨᠧᠷᠭᠢ᠂ ᠮᠥᠩᠭᠦᠨ ᠭᠦᠢᠯᠭᠡᠭᠡ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠤ ᠪᠤᠢ ᠪᠤᠯᠭᠠᠬᠰᠠᠨ ᠲᠡᠯᠡᠷᠡᠬᠦ ᠦᠷ᠎ᠡ ᠨᠥᠯᠥᠭᠡ ᠶᠢ ᠬᠠᠮᠲᠤᠷᠠᠯᠴᠠᠨ ᠠᠷᠭᠠᠴᠠᠭᠠᠵᠤ᠂ ᠦᠺᠷᠠᠶᠢᠨ ᠤ ᠬᠢᠮᠤᠷᠠᠯ ᠤᠨ ᠳᠡᠯᠡᠬᠡᠢ ᠳ᠋ᠠᠬᠢᠨ ᠢᠯᠠᠩᠭᠤᠶ᠎ᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠲᠤ ᠦᠵᠡᠭᠦᠯᠭᠦ ᠨᠠᠵᠠᠭᠠᠢ ᠨᠥᠯᠥᠭᠡ ᠶᠢ ᠪᠠᠭᠠᠰᠬᠠᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠹᠷᠠᠨᠼᠢ ᠶᠢᠨ ᠲᠠᠯ᠎ᠠ ᠲᠠᠢ ᠡᠭᠦᠨ ᠤ ᠲᠤᠬᠠᠢ ᠣᠯᠣᠯᠴᠠᠭ᠎ᠠ ᠪᠠᠨ ᠪᠠᠲᠤᠯᠠᠵᠤ᠂ ᠬᠢᠮᠤᠷᠠᠯ ᠢ ᠤᠯᠤᠰ ᠲᠦᠷᠦ ᠪᠠᠷ ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠪᠠ᠃       ᠮᠠᠶᠢᠺᠷᠤᠨ ᠹᠷᠠᠨᠼᠢ ᠶᠢᠨ ᠲᠠᠯ᠎ᠠ ᠶᠢᠨ ᠦᠵᠡᠯᠲᠡ ᠪᠠᠨ ᠲᠠᠨᠢᠯᠴᠠᠭᠤᠯᠵᠤ᠂ ᠳᠤᠮᠳᠠᠳᠤ ᠤᠯᠤᠰ ᠤᠨ ᠤᠯᠤᠰ ᠲᠦᠷᠦ ᠪᠠᠷ ᠦᠺᠷᠠᠶᠢᠨ ᠤ ᠬᠢᠮᠤᠷᠠᠯ ᠢ ᠰᠢᠢᠳᠪᠦᠷᠢᠯᠡᠬᠦ ᠳᠤ ᠦᠵᠡᠭᠦᠯᠦᠭᠰᠡᠨ ᠴᠢᠬᠤᠯᠠ ᠦᠢᠯᠡᠳᠦᠯ ᠢ ᠮᠠᠭᠲᠠᠨ ᠰᠠᠶᠢᠰᠢᠶᠠᠵᠤ᠂ ᠹᠷᠠᠨᠼᠢ ᠶᠢᠨ ᠲᠠᠯ᠎ᠠ ᠶᠢᠨ ᠬᠢᠨ ᠤᠯᠤᠰ ᠲᠦᠷᠦ ᠶᠢᠨ ᠬᠡᠯᠡᠯᠴᠡᠭᠡ ᠶᠢ ᠲᠠᠭᠢᠨ ᠡᠬᠢᠯᠡᠭᠦᠯᠵᠦ᠂ ᠭᠠᠳᠠᠭᠠᠳᠤ ᠬᠠᠷᠢᠯᠴᠠᠭᠠᠨ ᠤ ᠠᠷᠭ᠎ᠠ ᠪᠠᠷᠢᠯ ᠢᠶᠠᠷ ᠬᠢᠮᠤᠷᠠᠯ ᠢ ᠰᠢᠢᠳᠪᠦᠷᠢᠯᠡᠵᠦ᠂ ᠡᠸᠦ᠋ᠷᠦᠫᠡ ᠲᠢᠪ ᠤᠨ ᠥᠨᠢ ᠤᠳᠠᠭᠠᠨ ᠤ ᠡᠩᠬᠡ ᠲᠠᠶᠢᠪᠤᠩ ᠢ ᠪᠡᠶᠡᠯᠡᠭᠦᠯᠬᠦ ᠶᠢ ᠵᠣᠷᠢᠵᠤ ᠪᠠᠶᠢᠨ᠎ᠠ᠂ ᠳᠤᠮᠳᠠᠳᠤ ᠤᠯᠤᠰ ᠯᠤᠭ᠎ᠠ ᠣᠯᠣᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ ᠤᠨ ᠲᠥᠯᠥᠭᠡ ᠬᠠᠮᠲᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃       ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠥᠳᠡᠭᠡ ᠠᠵᠤ ᠠᠬᠤᠢ ᠢᠳᠡᠭᠡᠨ ᠤ ᠵᠦᠢᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠭᠠᠷ ᠤᠨ ᠠᠶᠠᠯᠠᠯ᠂ ᠠᠷᠠᠳ ᠤᠨ ᠬᠡᠷᠡᠭᠯᠡᠭᠡᠨ ᠤ ᠴᠥᠮ᠎ᠡ ᠶᠢᠨ ᠡᠨᠧᠷᠭᠢ᠂ ᠦᠷᠭᠦᠯᠵᠢᠯᠡᠬᠦ ᠬᠥᠭᠵᠢᠯᠲᠡ᠂ ᠰᠣᠶᠣᠯ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠤᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃       ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠳᠤᠮᠳᠠᠳᠤ ᠭᠠᠳᠠᠭᠠᠳᠤ ᠶᠢᠨ ᠰᠤᠷᠪᠤᠯᠵᠢᠯᠠᠬᠴᠢᠳ ᠲᠠᠢ ᠠᠭᠤᠯᠵᠠᠪᠠ᠃       ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠮᠠᠶᠢᠺᠷᠤᠨ ᠢ ᠤᠭᠲᠤᠬᠤ ᠶᠣᠰᠣᠯᠠᠯ ᠶᠠᠪᠤᠭᠤᠯᠪᠠ᠃       ᠮᠠᠶᠢᠺᠷᠤᠨ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠹᠷᠠᠨᠼᠢ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠮᠠᠶᠢᠺᠷᠤᠨ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃       ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃       ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 6᠎ ᠤ ᠴᠠᠭᠢᠯᠭᠠᠨ ᠮᠡᠳᠡᠭᠡ︶  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号