| | | | | ᠣᠶᠢᠷ᠎ᠠ ᠳᠤ ᠨᠠᠮ ᠤᠨ ᠲᠥᠪ ᠬᠤᠷᠢᠶ᠎ᠠ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ | ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢ ᠰᠤᠷᠤᠯᠴᠠᠬᠤ ᠲᠤᠬᠠᠢ ᠮᠡᠳᠡᠭᠳᠡᠯ ᠪᠠᠭᠤᠯᠭᠠᠪᠠ᠃ ᠪᠦᠭᠦ ᠠᠭᠤᠯᠭ᠎ᠠ ᠨᠢ | ᠳᠣᠣᠷᠠᠬᠢ ᠮᠡᠲᠦ᠄ | ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠨᠠᠶᠢᠷᠠᠭᠤᠯᠤᠨ ᠭᠡᠪᠯᠡᠭᠦ ᠪᠣᠯ ᠨᠠᠮ ᠤᠨ ᠲᠥᠪ | ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠲᠣᠭᠲᠠᠭᠠᠯ ᠮᠥᠨ᠃ ᠤᠳᠤ᠂ ︽ᠰᠢ ᠶᠢᠨ ᠫᠢᠩ ᠤᠨ ᠵᠣᠬᠢᠶᠠᠯ | ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢ ᠨᠢᠭᠡᠨᠲᠡ ᠬᠡᠪᠯᠡᠨ ᠲᠠᠷᠬᠠᠭᠠᠪᠠ᠂ ᠡᠨᠡ ᠪᠣᠯ | ᠨᠠᠮ ᠪᠠ ᠳᠦᠷᠦ ᠶᠢᠨ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠭᠡᠨ ᠶᠡᠭᠡ ᠶᠠᠪᠤᠳᠠᠯ ᠮᠥᠨ᠃ | ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠳᠤ ᠶᠡᠷᠦᠩᠬᠡᠢ ᠱᠦᠵᠢ ᠰᠢ ᠶᠢᠨ ᠫᠢᠩ ᠤᠨ | 2012 ᠣᠨ ᠤ 11 ᠰᠠᠷ᠎ᠠ ᠠᠴᠠ 2022 ᠣᠨ ᠤ 10 ᠰᠠᠷ᠎ᠠ ᠪᠤᠯᠲᠠᠯᠠᠭᠢ ᠬᠤᠭᠤᠴᠠᠭᠠᠨ ᠳᠠᠬᠢ ᠴᠢᠬᠤᠯᠠ ᠵᠣᠬᠢᠶᠠᠯ | ᠪᠦᠲᠦᠭᠡᠯ ᠢ ᠰᠣᠩᠭᠤᠨ ᠣᠷᠣᠭᠤᠯᠵᠠᠢ᠃ ᠡᠳᠡᠭᠡᠷ ᠴᠢᠬᠤᠯᠠ ᠵᠣᠬᠢᠶᠠᠯ ᠪᠦᠲᠦᠭᠡᠯ ᠨᠢ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠠᠭᠤᠤ ᠶᠡᠭᠡ ᠲᠡᠮᠡᠴᠡᠯ ᠬᠢᠵᠦ᠂ ᠠᠭᠤᠤ ᠶᠡᠭᠡ ᠢᠨᠵᠧᠨᠧᠷᠢᠩ ᠢ ᠪᠦᠲᠦᠭᠡᠨ ᠪᠠᠶᠢᠭᠤᠯᠵᠤ᠂ | ᠠᠭᠤᠤ ᠶᠡᠭᠡ ᠦᠢᠯᠡᠰ ᠢ ᠠᠬᠢᠭᠤᠯᠵᠤ᠂ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠦᠭᠰᠡᠨ᠂ ᠨᠠᠮ ᠪᠣᠯᠣᠨ ᠤᠯᠤᠰ ᠤᠨ | ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ | ᠠᠬᠢᠭᠤᠯᠤᠭᠰᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠲᠡᠦᠬᠡᠨ | ᠠᠬᠢᠴᠠ ᠶᠢ ᠡᠭᠦᠳᠦᠨ ᠨᠡᠭᠡᠭᠡᠭᠰᠡᠨ ᠢ ᠠᠮᠢᠳᠤᠯᠢᠭ ᠢᠶᠠᠷ ᠲᠡᠮᠳᠡᠭᠯᠡᠵᠦ᠂ ᠮᠠᠨ ᠤ ᠨᠠᠮ ᠠᠷᠠᠳ ᠲᠦᠮᠡᠨ ᠢ ᠤᠳᠤᠷᠢᠳᠤᠨ | ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠠᠭᠠᠨ ᠮᠣᠷᠳᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠠᠬᠢᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠢᠨᠵᠢᠯᠡᠬᠦ ᠤᠬᠠᠭᠠᠨᠴᠢ ᠪᠠᠷ ᠳ᠋ᠦᠩᠨᠡᠵᠦ᠂ ᠮᠠᠨ ᠤ ᠨᠠᠮ ᠤᠨ ᠮᠠᠷᠺᠰ ᠤᠨ | ᠦᠵᠡᠯ ᠤᠨ ᠦᠨᠳᠦᠰᠦᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠵᠤ ᠣᠯᠣᠭᠰᠠᠨ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠢ ᠲᠥᠪᠯᠡᠷᠡᠩᠭᠦᠢ ᠲᠤᠰᠬᠠᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠡᠷᠬᠡ ᠰᠦᠷᠲᠦ ᠵᠢᠭᠠᠬᠤ ᠮᠠᠲ᠋ᠧᠷᠢᠶᠠᠯ ᠮᠥᠨ᠃ ︽ᠰᠢ ᠶᠢᠨ | ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠨᠠᠷᠢᠨ ᠬᠢᠨᠠᠮᠠᠭᠠᠢ ᠰᠤᠷᠤᠯᠴᠠᠬᠤ ᠨᠢ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠬᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ᠲᠦᠷᠪᠡᠨ ᠢᠲᠡᠭᠡᠯ︾ | ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ | ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠬᠦᠴᠦᠯᠡᠨ ᠠᠬᠢᠭᠤᠯᠬᠤ ᠳᠤ ᠲᠦᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ | ᠶᠡᠷᠦᠩᠬᠡᠢ ᠱᠦᠵᠢ ᠰᠢ ᠶᠢᠨ ᠫᠢᠩ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠡᠭᠦᠳᠦᠭᠴᠢ ᠮᠥᠨ᠃ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠪᠠᠷᠢᠮᠲᠠᠯᠠᠨ ᠬᠥᠭᠵᠢᠭᠦᠯᠬᠦ ᠠᠭᠤᠤ ᠶᠡᠭᠡ ᠦᠢᠯᠡᠳᠦᠯᠭᠡ ᠶᠢᠨ ᠳᠤᠮᠳᠠ᠂ ᠶᠡᠷᠦᠩᠬᠡᠢ ᠱᠦᠵᠢ ᠰᠢ ᠶᠢᠨ ᠫᠢᠩ ᠮᠠᠷᠺᠰ ᠤᠨ | ᠦᠵᠡᠯ ᠤᠨ ᠤᠯᠤᠰ ᠲᠥᠷᠥᠴᠢᠨ᠂ ᠪᠣᠳᠣᠯᠭᠠᠲᠠᠨ᠂ ᠪᠠᠶᠢᠯᠳᠤᠬᠤ ᠪᠣᠳᠣᠯᠭᠠᠲᠠᠨ ᠤ ᠲᠡᠦᠬᠡ ᠶᠢᠨ ᠰᠠᠨᠠᠭᠠᠴᠢᠯᠠᠭᠠᠲᠤ ᠵᠣᠷᠢᠭ | ᠰᠠᠨᠠᠭ᠎ᠠ᠂ ᠶᠡᠷᠦ ᠪᠤᠰᠤ ᠶᠢᠨ ᠣᠨᠣᠯ ᠤᠨ ᠰᠥᠰᠥ ᠵᠣᠷᠢᠭ᠂ ᠭᠠᠷᠮᠠᠭᠠᠢ ᠤᠯᠤᠰ ᠲᠥᠷᠥ ᠶᠢᠨ ᠣᠶᠤᠨ ᠤᠬᠠᠭᠠᠨ᠂ ᠴᠢᠩᠭ᠎ᠠ | ᠡᠭᠦᠷᠭᠡ ᠬᠠᠷᠢᠭᠤᠴᠠᠯᠭ᠎ᠠ ᠪᠠᠷ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ | ᠬᠤᠯᠪᠣᠭᠳᠠᠬᠤ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠤᠨ ᠲᠤᠬᠠᠢ ᠭᠦᠨᠵᠡᠭᠡᠢ | ᠰᠡᠳᠬᠢᠭᠰᠡᠨ ᠪᠠ ᠰᠢᠨᠵᠢᠯᠡᠬᠦ ᠤᠬᠠᠭᠠᠨᠴᠢ ᠮᠠᠭᠠᠳᠯᠠᠯᠲᠠ ᠬᠢᠵᠦ᠂ ᠠᠯᠢ ᠣᠯᠠᠨ ᠡᠭᠦᠳᠦᠯᠲᠡ ᠶᠢᠨ ᠴᠢᠨᠠᠷᠲᠠᠢ ᠰᠢᠨ᠎ᠡ | ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠦᠨ | ᠪᠠᠶᠢᠭᠤᠯᠬᠤ ᠪᠠ ᠬᠥᠭᠵᠢᠭᠦᠯᠬᠦ ᠳᠤ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠵᠦ᠂ ᠰᠢᠢᠳᠪᠦᠷᠢᠯᠡᠭᠴᠢ ᠴᠢᠨᠠᠷᠲᠠᠢ | ᠬᠤᠪᠢ ᠨᠡᠮᠡᠷᠢ ᠦᠵᠡᠭᠦᠯᠪᠡ᠃ | ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠰᠤᠷᠤᠯᠴᠠᠬᠤ ᠳᠤ᠂ ᠳᠡᠯᠡᠬᠡᠢ ᠶᠢᠨ ᠪᠠ | ᠤᠯᠤᠰ ᠤᠨ ᠳᠣᠲᠣᠭᠠᠳᠤ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠲᠠᠢ ᠨᠢᠭᠲᠠ ᠤᠶᠠᠯᠳᠤᠭᠤᠯᠵᠤ᠂ ᠰᠢᠨ᠎ᠡ ᠴᠠᠭ | ᠦᠶ᠎ᠡ ᠰᠢᠨ᠎ᠡ ᠠᠶᠠᠨ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ | ᠤᠬᠠᠮᠰᠠᠷᠲᠤ ᠴᠢᠨᠠᠷ ᠪᠣᠯᠣᠨ ᠡᠷᠡᠰ ᠪᠠᠲᠤ ᠴᠢᠨᠠᠷ ᠢᠶᠠᠨ ᠴᠢᠩᠭᠠᠳᠬᠠᠵᠤ᠂ ᠲᠠᠷᠢᠬᠢ ᠲᠣᠯᠣᠭᠠᠢ ᠪᠠᠨ ᠵᠡᠪᠰᠡᠭᠯᠡᠬᠦ᠂ | ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ | ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ᠂ | ᠳᠤᠮᠳᠠᠳᠤ ᠶᠢᠨ ᠰᠣᠶᠣᠯ ᠪᠠ ᠳᠤᠮᠳᠠᠳᠤ ᠶᠢᠨ ᠵᠣᠷᠢᠭ ᠰᠠᠨᠠᠭᠠᠨ ᠤ ᠴᠠᠭ ᠦᠶ᠎ᠡ ᠶᠢᠨ ᠣᠭᠢ ᠲᠠᠯᠠᠰᠲᠤ ᠮᠥᠨ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠢᠨ᠎ᠡ ᠦᠰᠦᠷᠦᠯᠲᠡ ᠶᠢ ᠪᠡᠶᠡᠯᠡᠭᠦᠯᠦᠭᠰᠡᠨ ᠭᠡᠳᠡᠭ ᠢ | ᠭᠦᠨᠵᠡᠭᠡᠢ ᠣᠶᠢᠯᠠᠭᠠᠵᠤ᠂ ᠡᠨᠡ ᠬᠦ ᠦᠵᠡᠯ ᠰᠠᠨᠠᠭ᠎ᠠ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ | ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ ᠶᠢ ᠵᠠᠯᠭᠠᠮᠵᠢᠯᠠᠨ ᠬᠥᠭᠵᠢᠭᠦᠯᠵᠦ᠂ ᠴᠣ ᠰᠢᠨ᠎ᠡ ᠬᠠᠷᠠᠭᠠᠰᠤ ᠠᠴᠠ ᠡᠪ ᠬᠠᠮᠲᠤ ᠨᠠᠮ ᠤᠨ ᠲᠦᠷᠦ | ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠥᠨ ᠲᠥᠷᠥᠯᠬᠢᠲᠡᠨ ᠤ | ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠠᠨᠢᠯᠲᠠ ᠶᠢ ᠭᠦᠨᠵᠡᠭᠡᠶᠢᠷᠡᠭᠦᠯᠵᠦ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠭᠰᠡᠨ ᠭᠡᠳᠡᠭ ᠢ ᠭᠦᠢᠴᠡᠳ ᠲᠠᠨᠢᠬᠤ ᠬᠡᠷᠡᠭᠲᠡᠢ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠡᠨᠡ ᠬᠦ ᠦᠵᠡᠯ ᠰᠠᠨᠠᠭ᠎ᠠ ᠨᠢ ᠮᠠᠷᠺᠰ ᠤᠨ | ᠦᠵᠡᠯ ᠢ ᠪᠠᠶᠠᠯᠢᠭᠵᠢᠭᠤᠯᠤᠨ ᠬᠥᠭᠵᠢᠭᠦᠯᠬᠦ ᠳᠤ ᠠᠩᠬᠠᠨ ᠤ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠦᠵᠡᠭᠦᠯᠵᠦ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠳᠤ ᠲᠡᠦᠬᠡᠲᠦ ᠴᠢᠨᠠᠷᠲᠠᠢ ᠬᠤᠪᠢ ᠨᠡᠮᠡᠷᠢ | ᠦᠵᠡᠭᠦᠯᠵᠦ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢ ᠠᠬᠢᠭᠤᠯᠬᠤ ᠳᠤ ᠳᠡᠯᠡᠬᠡᠢ ᠶᠢᠨ ᠴᠢᠨᠠᠷᠲᠠᠢ ᠬᠤᠪᠢ | ᠨᠡᠮᠡᠷᠢ ᠦᠵᠡᠭᠦᠯᠦᠭᠰᠡᠨ ᠢ ᠭᠦᠢᠴᠡᠳ ᠲᠠᠨᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠠᠭᠤᠯᠭ᠎ᠠ ᠶᠢ ᠭᠦᠨᠵᠡᠭᠡᠢ ᠣᠶᠢᠯᠠᠭᠠᠵᠤ᠂ | ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠠ ᠲᠡᠭᠦᠨ ᠳᠤ ᠲᠤᠭᠤᠰᠢᠯᠠᠭᠳᠠᠵᠤ ᠪᠠᠶᠢᠭ᠎ᠠ | ᠵᠣᠭᠰᠣᠯᠲᠠ ᠦᠵᠡᠯᠲᠡ ᠠᠷᠭ᠎ᠠ ᠶᠢ ᠪᠦᠭᠦ ᠲᠠᠯ᠎ᠠ ᠪᠠᠷ ᠡᠵᠡᠮᠰᠢᠵᠦ᠂ ᠡᠨᠡ ᠬᠦ ᠦᠵᠡᠯ ᠰᠠᠨᠠᠭ᠎ᠠ ᠨᠢ ᠮᠠᠷᠺᠰ ᠤᠨ ᠦᠵᠡᠯ ᠤᠨ | ᠭᠦᠨ ᠤᠬᠠᠭᠠᠨ᠂ ᠮᠠᠷᠺᠰ ᠤᠨ ᠦᠵᠡᠯ ᠤᠨ ᠤᠯᠤᠰ ᠲᠦᠷᠤ ᠠᠵᠤ ᠠᠬᠤᠢ ᠶᠢᠨ ᠤᠬᠠᠭᠠᠨ᠂ ᠰᠢᠨᠵᠢᠯᠡᠬᠦ ᠤᠬᠠᠭᠠᠨ ᠤ | ᠨᠡᠶᠢᠭᠡᠮ ᠵᠢᠷᠤᠮ ᠢ ᠨᠡᠪᠲᠡᠷᠡᠯᠴᠡᠭᠦᠯᠵᠦ᠂ ᠲᠡᠦᠬᠡ᠂ ᠤᠳᠤ᠂ ᠢᠷᠡᠭᠡᠳᠦᠢ ᠶᠢ ᠨᠡᠪᠲᠡᠷᠡᠯᠴᠡᠭᠦᠯᠵᠦ᠂ ᠥᠭᠡᠷᠡᠴᠢᠯᠡᠯᠲᠡ | ᠬᠥᠭᠵᠢᠯᠲᠡ ᠲᠣᠭᠲᠠᠭᠤᠨ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠨᠠᠮ ᠢ | ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠵᠡᠷᠭᠡ ᠡᠯ᠎ᠡ ᠬᠦᠷᠢᠶ᠎ᠡ ᠶᠢ ᠨᠡᠪᠲᠡᠷᠡᠯᠴᠡᠭᠦᠯᠵᠦ᠂ ᠯᠣᠭᠢᠭ ᠨᠢᠭᠲᠠ ᠴᠢᠩᠭ᠎ᠠ᠂ | ᠠᠭᠤᠯᠬᠤᠨ ᠨᠢ ᠪᠠᠶᠠᠯᠢᠭ᠂ ᠰᠢᠰᠲ᠋ᠧᠮ ᠨᠢ ᠪᠦᠭᠦ ᠲᠠᠯ᠎ᠠ ᠶᠢᠨ᠂ ᠥᠷᠭᠡᠨ ᠳᠡᠯᠭᠡᠷ ᠭᠦᠨ ᠭᠦᠨᠵᠡᠭᠡᠢ ᠨᠢᠭᠡᠨ ᠰᠢᠨᠵᠢᠯᠡᠬᠦ | ᠤᠬᠠᠭᠠᠨᠴᠢ ᠰᠢᠰᠲ᠋ᠧᠮ ᠪᠤᠯᠬᠤ ᠶᠢ ᠭᠦᠢᠴᠡᠳ ᠲᠠᠨᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠪᠣᠯᠣᠨ | ᠦᠢᠯᠡᠳᠦᠯᠭᠡ ᠶᠢᠨ ᠠᠤᠭ᠎ᠠ ᠬᠦᠴᠦᠨ ᠢ ᠭᠦᠨᠵᠡᠭᠡᠢ ᠣᠶᠢᠯᠠᠭᠠᠵᠤ᠂ ᠡᠨᠡ ᠬᠦ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠶᠢᠨ | ᠠᠭᠤᠤ ᠶᠡᠭᠡ ᠦᠢᠯᠡᠳᠦᠯᠭᠡ ᠶᠢ ᠠᠬᠢᠭᠤᠯᠬᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢ ᠬᠥᠲᠥᠯᠥᠨ | ᠳᠠᠭᠠᠭᠤᠯᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠰᠢᠨᠵᠢᠯᠡᠬᠦ | ᠤᠬᠠᠭᠠᠨᠴᠢ ᠤᠨᠤᠯ ᠤᠨ ᠵᠢᠯᠣᠭᠤᠳᠤᠯᠭ᠎ᠠ ᠬᠠᠩᠭᠠᠭᠰᠠᠨ ᠭᠡᠳᠡᠭ ᠢ ᠭᠦᠢᠴᠡᠳ ᠲᠠᠨᠢᠬᠤ ᠬᠡᠷᠡᠭᠲᠡᠢ᠃ | ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠰᠤᠷᠤᠯᠴᠠᠬᠤ ᠳᠤ᠂ ᠡᠷᠬᠡᠪᠰᠢ ᠤᠨᠤᠯ ᠢ | ᠪᠣᠳᠠᠲᠠᠢ ᠲᠠᠢ ᠤᠶᠠᠯᠳᠤᠭᠤᠯᠬᠤ ᠮᠠᠷᠺᠰ ᠤᠨ ᠦᠵᠡᠯ ᠤᠨ ᠰᠤᠷᠤᠯᠴᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠰᠤᠷᠤᠯᠴᠠᠬᠤ | ᠰᠡᠳᠭᠢᠭᠦ ᠬᠡᠷᠡᠭᠯᠡᠬᠦ ᠶᠢ ᠤᠶᠠᠯᠳᠤᠭᠤᠯᠬᠤ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠦᠢᠯᠡᠳᠦᠯᠭᠡ ᠪᠠᠷ ᠤᠳᠤᠷᠢᠳᠤᠮᠵᠢ ᠪᠤᠯᠭᠠᠬᠤ᠂ ᠬᠡᠷᠡᠭᠴᠡᠭᠡ ᠪᠠᠷ | ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠠᠵᠢᠯ ᠤᠨ ᠪᠣᠳᠠᠲᠤ ᠪᠠᠶᠢᠳᠠᠯ ᠪᠣᠯᠣᠨ ᠦᠵᠡᠯ ᠰᠠᠨᠠᠭᠠᠨ ᠤ ᠪᠣᠳᠠᠲᠤ | ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠬᠦᠰᠡᠯᠡᠩ ᠢᠶᠠᠨ | ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠪᠣᠯᠭᠠᠨ ᠬᠤᠪᠢᠷᠠᠭᠤᠯᠵᠤ | ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠠᠮᠢᠳᠤᠯᠢᠭ | ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ | ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠰᠤᠷᠤᠯᠴᠠᠬᠤ ᠪᠣᠯ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ | ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ | ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠰᠢ ᠶᠢᠨ ᠫᠢᠩ ᠤᠨ ᠵᠣᠬᠢᠶᠠᠯ | ᠪᠦᠲᠦᠭᠡᠯ ᠤᠨ ᠰᠣᠩᠭᠤᠮᠠᠯ︾ ᠢ ᠰᠤᠷᠤᠯᠴᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ᠂ | ᠺᠠᠳ᠋ᠷᠴᠤᠳ ᠢ ᠵᠣᠬᠢᠶᠠᠨ ᠪᠠᠶᠢᠭᠤᠯᠤᠨ ᠲᠡᠷᠡ ᠬᠡᠪ ᠢᠶᠠᠷ ᠨᠢ ᠰᠤᠷᠤᠯᠴᠠᠭᠤᠯᠵᠤ᠂ ᠨᠠᠷᠢᠨ ᠬᠢᠨᠠᠮᠠᠭᠠᠢ ᠣᠶᠢᠯᠠᠭᠠᠭᠤᠯᠵᠤ᠂ ᠦᠭᠡ | ᠥᠭᠦᠯᠡᠪᠦᠷᠢ ᠶᠢ ᠨᠢ ᠣᠶᠢᠯᠠᠭᠠᠬᠤ ᠪᠠᠷ ᠪᠠᠷᠠᠬᠤ ᠦᠭᠡᠢ ᠤᠳᠬ᠎ᠠ ᠰᠠᠨᠠᠭ᠎ᠠ ᠶᠢ ᠨᠢ ᠣᠶᠢᠯᠠᠭᠠᠵᠤ᠂ ᠲᠡᠶᠢᠮᠦ ᠪᠤᠯᠬᠤ ᠶᠢ | ᠮᠡᠳᠡᠭᠦ ᠪᠠᠷ ᠪᠠᠷᠠᠬᠤ ᠦᠭᠡᠢ ᠴᠣᠬᠤᠮ ᠶᠠᠭᠠᠬᠢᠭᠠᠳ ᠲᠡᠶᠢᠮᠦ ᠪᠣᠯᠤᠭᠰᠠᠨ ᠢ ᠮᠡᠳᠡᠭᠦ ᠬᠡᠷᠡᠭᠲᠡᠢ᠃ ᠡᠯ᠎ᠡ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︽ᠰᠢ ᠶᠢᠨ | ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ ᠰᠤᠷᠤᠯᠴᠠᠬᠤ ᠲᠥᠯᠥᠪᠯᠡᠭᠡ ᠳᠡᠭᠡᠨ ᠣᠷᠣᠭᠤᠯᠵᠤ᠂ ᠭᠦᠨᠵᠡᠭᠡᠢ | ᠰᠤᠷᠤᠯᠴᠠᠨ ᠨᠠᠷᠢᠯᠢᠭ ᠡᠵᠡᠮᠰᠢᠵᠦ ᠪᠠᠲᠤᠲᠠᠢ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ | ᠳᠡᠭᠡᠭᠰᠢᠯᠡᠭᠦᠯᠭᠦ ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ | ᠺᠠᠳ᠋ᠷᠴᠤᠳ ᠤᠨ ᠳᠡᠭᠡᠳᠦ ᠰᠤᠷᠭᠠᠭᠤᠯᠢ ᠶᠢᠨ ᠬᠢᠨ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢ | ᠪᠣᠯᠪᠠᠰᠤᠷᠠᠯ ᠵᠢᠭᠠᠨ ᠰᠤᠷᠭᠠᠯᠲᠠ ᠶᠢᠨ ᠴᠢᠬᠤᠯᠠ ᠠᠭᠤᠯᠭ᠎ᠠ ᠳᠠᠭᠠᠨ ᠣᠷᠣᠭᠤᠯᠵᠤ᠂ ᠡᠯ᠎ᠡ ᠵᠦᠢᠯ ᠤᠨ ᠰᠤᠳᠤᠯᠤᠨ | ᠶᠠᠷᠢᠯᠴᠠᠬᠤ ᠠᠩᠭᠢ᠂ ᠪᠣᠯᠪᠠᠰᠤᠷᠠᠯ ᠤᠨ ᠠᠩᠭᠢ᠂ ᠰᠤᠷᠤᠯᠴᠠᠬᠤ ᠠᠩᠭᠢ ᠶᠢ ᠡᠷᠭᠢᠯᠡᠵᠦ᠂ ᠰᠤᠷᠤᠯᠴᠠᠯᠭ᠎ᠠ ᠶᠢ ᠤᠯᠠᠨ | ᠭᠡᠯᠪᠡᠷᠢ ᠪᠠᠷ ᠳᠡᠰ ᠳᠠᠪᠬᠤᠷᠭ᠎ᠠ ᠬᠤᠪᠢᠶᠠᠵᠤ ᠪᠦᠭᠦᠨ ᠢ ᠪᠦᠷᠬᠦᠭᠦᠯᠵᠦ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠶᠡᠭᠡ | ᠳᠡᠭᠡᠳᠦ ᠰᠤᠷᠭᠠᠭᠤᠯᠢ ᠶᠢᠨ ᠬᠢᠨ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠢᠶᠠᠷ ᠪᠠᠭᠰᠢ | ᠰᠤᠷᠤᠬᠴᠢᠳ ᠤᠨ ᠣᠨᠣᠯ ᠰᠤᠷᠤᠯᠴᠠᠬᠤ ᠵᠢᠭᠠᠬᠤ ᠮᠠᠲ᠋ᠧᠷᠢᠶᠠᠯ ᠪᠤᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ | ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠢ ᠳᠤ ᠬᠠᠳᠠᠩᠰᠢᠭᠤᠯᠬᠤ ᠶᠢ ᠨᠠᠩ ᠰᠠᠶᠢᠲᠤᠷ ᠠᠬᠢᠭᠤᠯᠬᠤ | ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠰᠠᠯᠠᠭ᠎ᠠ ᠮᠥᠴᠢᠷ᠂ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠰᠤᠷᠤᠯᠴᠠᠯᠭ᠎ᠠ ᠶᠢ ᠵᠢᠯᠤᠭᠤᠳᠬᠤ ᠪᠠ ᠱᠠᠯᠠᠪᠳᠠᠨ ᠪᠠᠶᠢᠴᠠᠭᠠᠬᠤ ᠪᠠᠨ ᠴᠢᠩᠭᠠᠳᠬᠠᠵᠤ᠂ ᠤᠬᠠᠭᠤᠯᠤᠨ ᠮᠡᠳᠡᠭᠡᠯᠡᠬᠦ | ᠠᠵᠢᠯ ᠢ ᠰᠠᠶᠢᠲᠤᠷ ᠬᠢᠵᠦ᠂ ᠤᠬᠠᠭᠤᠯᠤᠨ ᠲᠠᠶᠢᠯᠪᠤᠷᠢᠯᠠᠬᠤ ᠪᠠ ᠤᠬᠠᠭᠤᠯᠤᠨ ᠲᠠᠨᠢᠯᠴᠠᠭᠤᠯᠬᠤ ᠠᠵᠢᠯ ᠢ ᠰᠠᠶᠢᠲᠤᠷ ᠵᠣᠬᠢᠶᠠᠨ | ᠪᠠᠶᠢᠭᠤᠯᠵᠤ᠂ ᠰᠤᠷᠤᠯᠴᠠᠯᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ | ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ | ᠶᠢ ᠪᠠᠲᠤ ᠴᠡᠭᠡᠵᠢᠯᠡᠵᠦ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠦ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ︕ | |