ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠢᠷᠡᠭᠡᠳᠦᠢ ᠶᠢᠨ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠶ᠎ᠡ
ᠨᠡᠶᠢᠲᠡᠯᠡᠭᠰᠡᠨ ᠴᠠᠭ᠄
2023/4/21
            ︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ                         4 ᠰᠠᠷ᠎ᠠ ᠶᠢᠨ 16᠎ ᠤ ᠡᠳᠦᠷ ᠬᠡᠪᠯᠡᠭᠳᠡᠬᠦ 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠢᠷᠡᠭᠡᠳᠦᠢ ᠶᠢᠨ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠶ᠎ᠡ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃             ᠵᠣᠬᠢᠶᠠᠯ ᠳᠤ᠂ ᠮᠠᠨ ᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠠᠮᠠ ᠪᠦᠬᠦᠯᠢ ᠴᠣᠭᠴᠠ ᠪᠠᠷ ᠣᠳᠣᠬᠢᠴᠢᠯᠠᠭᠰᠠᠨ ᠨᠡᠶᠢᠭᠡᠮ ᠳᠤ ᠲᠠᠪᠰᠢᠨ ᠣᠷᠣᠵᠤ᠂ ᠬᠡᠪᠴᠢᠶ᠎ᠡ ᠨᠢ ᠤᠳᠤ ᠶᠢᠨ ᠬᠥᠭᠵᠢᠭᠰᠡᠨ ᠤᠯᠤᠰ ᠤᠨ ᠬᠥᠮᠥᠨ ᠠᠮᠠ ᠶᠢᠨ ᠶᠡᠷᠦᠩᠬᠡᠢ ᠨᠡᠶᠢᠯᠡᠪᠦᠷᠢ ᠠᠴᠠ ᠳᠠᠪᠠᠵᠤ᠂ ᠲᠡᠭᠦᠨ ᠤ ᠪᠡᠷᠬᠡ ᠬᠠᠲᠠᠭᠤᠵᠢᠯᠲᠤ ᠴᠢᠨᠠᠷ ᠪᠣᠯᠣᠨ ᠨᠠᠷᠢᠨ ᠪᠤᠳᠤᠯᠢᠶᠠᠨᠲᠤ ᠴᠢᠨᠠᠷ ᠨᠢ ᠤᠷᠢᠳ ᠡᠮᠦᠨ᠎ᠡ ᠪᠠᠶᠢᠭ᠎ᠠ ᠦᠭᠡᠢ ᠶᠤᠮ᠂ ᠡᠷᠬᠡᠪᠰᠢ ᠬᠥᠭᠵᠢᠯᠲᠡ ᠶᠢᠨ ᠭᠤᠣᠯᠯᠠᠬᠤ ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠭᠡᠷᠡᠭᠲᠡᠢ ; ᠮᠠᠨ ᠤ ᠤᠯᠤᠰ ᠪᠣᠯ ᠨᠢᠭᠡᠨ ᠭᠡᠳᠤ ᠶᠡᠭᠡ ᠬᠡᠪᠴᠢᠶᠡᠨ ᠤ ᠠᠵᠤ ᠠᠬᠤᠢ ᠶᠢᠨ ᠴᠣᠭᠴᠠ ᠮᠥᠨ᠂ ᠭᠡᠳᠤ ᠶᠡᠭᠡ ᠬᠡᠪᠴᠢᠶᠡᠨ ᠤ ᠠᠵᠤ ᠠᠬᠤᠢ ᠶᠢᠨ ᠴᠣᠭᠴᠠ ᠨᠢ ᠳᠣᠲᠣᠭᠠᠳᠤ ᠳᠠᠭᠠᠨ ᠣᠷᠴᠢᠯ ᠬᠢᠵᠦ ᠪᠣᠯᠬᠤ ᠪᠥᠭᠡᠳ ᠡᠷᠬᠡᠪᠰᠢ ᠣᠷᠴᠢᠯ ᠬᠢᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠭᠤᠷᠢᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠭᠠᠷᠭᠠᠭᠰᠠᠨ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠢᠷᠡᠭᠡᠳᠦᠢ ᠶᠢᠨ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ ᠭᠡᠳᠡᠭ ᠢ ᠪᠣᠳᠠᠲᠤ ᠶᠠᠪᠤᠳᠠᠯ ᠭᠦᠢᠴᠡᠳ ᠭᠡᠷᠡᠴᠢᠯᠡᠪᠡ᠃ ᠪᠢᠳᠡ ᠭᠠᠭᠴᠠ ᠬᠦ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠪᠠᠯ ᠰᠠᠶ᠋ᠢ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠬᠥᠭᠵᠢᠯᠲᠡ ᠶᠢᠨ ᠠᠶᠤᠯ ᠦᠭᠡᠢ ᠴᠢᠨᠠᠷ ᠲᠣᠭᠲᠠᠭᠤᠨ ᠴᠢᠨᠠᠷ ᠢ ᠴᠢᠩᠭᠠᠳᠬᠠᠵᠤ᠂ ᠰᠠᠶ᠋ᠢ ᠡᠯ᠎ᠡ ᠵᠦᠢᠯ ᠤᠨ ᠤᠷᠢᠳᠴᠢᠯᠠᠨ ᠮᠡᠳᠡᠵᠤ ᠪᠣᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠲᠤᠬᠰᠢᠨ ᠰᠠᠯᠬᠢ ᠰᠢᠷᠦᠭᠦᠨ ᠪᠣᠷᠣᠭᠠᠨ᠂ ᠲᠤᠬᠰᠢᠨ ᠰᠠᠯᠬᠢ ᠬᠦᠴᠦᠲᠦ ᠳᠠᠪᠠᠯᠭᠠᠨ ᠤ ᠳᠤᠮᠳᠠ ᠮᠠᠨ ᠤ ᠤᠯᠤᠰ ᠤᠨ ᠣᠷᠣᠰᠢᠨ ᠲᠣᠭᠲᠠᠨᠢᠬᠤ ᠬᠦᠴᠦᠨ᠂ ᠥᠷᠢᠰᠦᠯᠳᠦᠬᠦ ᠬᠦᠴᠦᠨ᠂ ᠬᠥᠭᠵᠢᠯᠲᠡ ᠶᠢᠨ ᠬᠦᠴᠦᠨ᠂ ᠦᠷᠭᠦᠯᠵᠢᠯᠡᠬᠦ ᠬᠦᠴᠦᠨ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠬᠢᠴᠠ ᠶᠢ ᠤᠳᠠᠭᠠᠰᠢᠷᠠᠭᠤᠯᠬᠤ ᠦᠭᠡᠢ ᠴᠢᠨᠠᠭᠰᠢᠯᠠᠪᠠᠯ ᠲᠠᠰᠤᠯᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠢᠯᠠᠯᠲᠠ ᠲᠠᠢ ᠪᠠᠷ ᠪᠡᠶᠡᠯᠡᠭᠦᠯᠵᠦ ᠴᠢᠳᠠᠨ᠎ᠠ ᠭᠡᠵᠦ ᠴᠢᠬᠤᠯᠠᠴᠢᠯᠠᠪᠠ᠃             ᠵᠣᠬᠢᠶᠠᠯ ᠳᠤ᠂ ᠬᠤᠶᠠᠷ ᠵᠢᠯ ᠭᠠᠷᠤᠢ ᠶᠢᠨ ᠲᠤᠷᠰᠢ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠬᠢᠵᠤ᠂ ᠵᠣᠬᠢᠬᠤ ᠦᠷ᠎ᠡ ᠪᠦᠲᠦᠮᠵᠢ ᠣᠯᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠲᠠᠰᠤᠷᠠᠯᠲᠠ ᠦᠭᠡᠢ ᠨᠢᠭᠲᠠᠷᠠᠵᠤ᠂ ᠠᠵᠢᠯ ᠤᠨ ᠰᠠᠭᠤᠷᠢ ᠲᠠᠰᠤᠷᠠᠯᠲᠠ ᠦᠭᠡᠢ ᠪᠠᠬᠢᠵᠢᠵᠦ᠂ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠲᠠᠰᠤᠷᠠᠯᠲᠠ ᠦᠭᠡᠢ ᠲᠡᠭᠦᠯᠳᠡᠷᠵᠢᠪᠡ᠂ ᠭᠡᠪᠡᠴᠦ ᠪᠠᠰᠠ ᠵᠠᠷᠢᠮ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠨ᠎ᠠ᠃ ᠶᠡᠷᠦᠩᠬᠡᠢ ᠳᠤᠨᠢ ᠠᠪᠴᠤ ᠦᠵᠡᠪᠡᠯ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠪᠠᠰᠠ ᠡᠭᠦᠷᠭᠡ ᠬᠦᠨᠳᠦ ᠵᠠᠮ ᠬᠤᠯᠠ ᠶᠤᠮ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠳᠤ ᠬᠤᠶᠠᠷ ᠲᠠᠯ᠎ᠠ ᠠᠴᠠ ᠰᠤᠳᠤᠯᠤᠨ ᠪᠠᠶᠢᠷᠢᠯᠠᠭᠤᠯᠬᠤ ᠬᠡᠷᠡᠭᠲᠡᠢ᠄ ᠨᠢᠭᠡ ᠳᠤ᠂ ᠮᠠᠨ ᠤ ᠤᠯᠤᠰ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠳᠤᠲᠠᠭᠤᠳᠠᠯ ᠪᠠᠭᠤᠷᠠᠢ ᠲᠠᠯ᠎ᠠ ᠶᠢ ᠨᠡᠩ ᠴᠢᠭᠯᠡᠭᠦᠯᠦᠯᠲᠦ ᠴᠢᠨᠠᠷᠲᠠᠢ ᠪᠠᠷ ᠲᠦᠷᠭᠡᠨ ᠨᠥᠬᠦᠪᠦᠷᠢᠯᠡᠵᠦ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠭᠡᠷᠡᠭᠲᠡᠢ ; ᠬᠤᠶᠠᠷ ᠲᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠳᠣᠲᠣᠭᠠᠳᠤ ᠬᠥᠳᠡᠯᠭᠡᠭᠦ ᠬᠦᠴᠦᠨ ᠪᠠ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ᠂ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠳᠡᠯᠡᠬᠡᠢ ᠎ ᠶᠢᠨ ᠣᠷᠴᠢᠯ ᠤᠨ ᠲᠠᠲᠠᠬᠤ ᠬᠦᠴᠦᠨ᠂ ᠠᠬᠢᠭᠤᠯᠬᠤ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃             ᠵᠣᠬᠢᠶᠠᠯ ᠳᠤ᠂ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠶᠢ ᠬᠢᠵᠠᠭᠠᠷᠯᠠᠵᠤ ᠪᠠᠶᠢᠭ᠎ᠠ ᠭᠤᠣᠯ ᠵᠥᠷᠢᠴᠡᠯ ᠪᠠ ᠠᠰᠠᠭᠤᠳᠠᠯ ᠢ ᠬᠦᠴᠦᠯᠡᠨ ᠠᠷᠢᠯᠭᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠦᠢᠯᠡᠳᠦᠯᠭᠡ ᠶᠢᠨ ᠰᠢᠨ᠎ᠡ ᠶᠢ ᠡᠭᠦᠳᠬᠦ᠂ ᠳᠦᠷᠢᠮ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠬᠡᠷᠡᠭᠲᠡᠢ᠃ ᠨᠢᠭᠡᠳᠦᠭᠡᠷ ᠲᠤ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠬᠥᠳᠡᠯᠭᠡᠭᠦ ᠬᠦᠴᠦᠨ ᠪᠠ ᠨᠠᠶᠢᠳᠠᠪᠤᠷᠢᠲᠤ ᠴᠢᠨᠠᠷ ᠢ ᠴᠢᠩᠭᠠᠳᠬᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠳᠤ ᠵᠡᠷᠭᠡ ᠪᠠᠷ ᠬᠦᠴᠦᠯᠡᠵᠦ᠂ ᠵᠣᠬᠢᠴᠠᠭᠤᠯᠤᠨ ᠬᠠᠮᠵᠢᠯᠴᠠᠵᠤ᠂ ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ ᠬᠠᠩᠭᠠᠯᠭ᠎ᠠ ᠪᠠᠷ ᠬᠡᠷᠡᠭᠴᠡᠭᠡ ᠶᠢ ᠡᠭᠦᠳᠬᠦ ᠨᠡᠩ ᠥᠨᠳᠥᠷ ᠲᠦᠪᠰᠢᠨ ᠪᠦᠬᠦᠢ ᠬᠥᠳᠡᠯᠦᠩᠭᠦᠢ ᠲᠡᠩᠴᠡᠭᠦᠷᠢ ᠶᠢ ᠪᠦᠷᠢᠯᠳᠦᠭᠦᠯᠵᠦ᠂ ᠤᠯᠤᠰ ᠠᠷᠠᠳ ᠤᠨ ᠠᠵᠤ ᠠᠬᠤᠢ ᠶᠢᠨ ᠰᠠᠶᠢᠨ ᠣᠷᠴᠢᠯ ᠢ ᠪᠡᠶᠡᠯᠡᠭᠦᠯᠬᠦ ᠬᠡᠷᠡᠭᠲᠡᠢ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠠᠯᠬᠤᠴᠠ ᠶᠢ ᠲᠦᠷᠭᠡᠳᠬᠡᠨ᠂ ᠭᠠᠳᠠᠭᠠᠳᠤ ᠤᠯᠤᠰ ᠤᠨ ︽ᠪᠣᠭᠤᠮᠢ︾ ᠪᠣᠯᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠭᠤᠷᠪᠠᠳᠤᠭᠠᠷ ᠲᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠠᠵᠤ ᠦᠢᠯᠡᠰ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠳᠥᠷᠪᠡᠳᠦᠭᠡᠷ ᠲᠤ᠂ ᠬᠤᠲᠠ ᠬᠥᠳᠡᠭᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠭᠠᠭᠴᠠ ᠬᠦ ᠬᠤᠲᠠ ᠬᠥᠳᠡᠭᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠪᠡᠯ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠣᠷᠣᠨ ᠵᠠᠢ ᠰᠠᠶ᠋ᠢ ᠨᠠᠩ ᠥᠷᠭᠡᠨ ᠠᠭᠤᠳᠠᠮ ᠪᠣᠯᠵᠤ᠂ ᠨᠠᠩ ᠴᠢᠨᠠᠷ ᠰᠠᠶᠢᠲᠠᠢ ᠪᠣᠯᠵᠤ ᠴᠢᠳᠠᠨ᠎ᠠ᠃ ᠲᠠᠪᠤᠳᠤᠭᠠᠷ ᠲᠤ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠣᠷᠴᠢᠯ ᠤᠨ ᠬᠥᠳᠡᠯᠭᠡᠭᠦ ᠬᠦᠴᠦᠨ ᠪᠠ ᠠᠮᠢᠳᠤᠯᠢᠭ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃             ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号