ᠰᠢ ᠶᠢᠨ ᠫᠢᠩ ᠭᠠᠪᠤᠨ ᠤ ᠶᠡᠷᠦᠩᠬᠡᠶᠢᠯᠡᠭᠴᠢ ᠪᠠᠩᠭᠧ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/4/21
                    4 ᠰᠠᠷ᠎ᠠ ᠶᠢᠨ 19᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠭᠠᠪᠤᠨ ᠤ ᠶᠡᠷᠦᠩᠬᠡᠶᠢᠯᠡᠭᠴᠢ ᠪᠠᠩᠭᠧ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠭᠠᠪᠤᠨ ᠤ ᠪᠦᠭᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠬᠦ ᠪᠠᠷ ᠲᠣᠭᠲᠠᠪᠠ᠃                       ᠰᠢ ᠶᠢᠨ ᠫᠢᠩ ᠪᠠᠩᠭᠧ ᠶᠢᠨ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠳᠠᠷᠠᠭ᠎ᠠ ᠵᠢᠯ ᠪᠢᠳᠡ ᠳᠤᠮᠳᠠᠳᠤ ᠭᠠᠪᠤᠨ ᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠤᠭᠲᠤᠬᠤ ᠪᠣᠯᠣᠨ᠎ᠠ᠃ ᠬᠠᠭᠠᠰ ᠵᠠᠭᠤᠨ ᠤ ᠲᠤᠷᠰᠢ᠂ ᠬᠤᠶᠠᠷ ᠤᠯᠤᠰ ᠤᠨ ᠬᠡᠳᠦᠨ ᠦᠶ᠎ᠡ ᠶᠢᠨ ᠤᠳᠤᠷᠢᠳᠬᠤ ᠬᠥᠮᠥᠰ ᠤᠨ ᠬᠠᠯᠠᠮᠵᠢᠯᠠᠯ ᠳᠠᠭᠠᠭᠤᠯᠭ᠎ᠠ ᠳᠣᠣᠷ᠎ᠠ᠂ ᠳᠤᠮᠳᠠᠳᠤ ᠭᠠᠪᠤᠨ ᠤ ᠨᠥᠬᠦᠷᠯᠡᠯ ᠢᠮᠠᠭᠲᠠ ᠬᠠᠳᠠ ᠴᠢᠯᠠᠭᠤ ᠮᠡᠲᠦ ᠡᠪᠳᠡᠷᠡᠰᠢ ᠦᠭᠡᠢ ᠪᠠᠲᠤ ᠪᠠᠬᠢ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠡᠷᠡᠰ ᠲᠡᠮᠵᠢᠵᠥ᠂ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠪᠠ᠃ ᠳᠤᠮᠳᠠᠳᠤ ᠤᠯᠤᠰ ᠪᠣᠯ ᠭᠠᠪᠤᠨ ᠤ ᠦᠨᠡᠨᠴᠢ ᠨᠠᠶᠢᠵᠠ ᠮᠥᠨ᠃ ᠲᠠᠨ ᠤ ᠡᠨᠡ ᠤᠳᠠᠭ᠎ᠠ ᠳᠤᠮᠳᠠᠳᠤ ᠤᠯᠤᠰ ᠲᠤ ᠠᠶᠢᠯᠴᠢᠯᠠᠭᠰᠠᠨ ᠨᠢ ᠳᠤᠮᠳᠠᠳᠤ ᠭᠠᠪᠤᠨ ᠤ ᠬᠠᠷᠢᠯᠴᠠᠭᠠᠨ ᠤ ᠴᠢᠬᠤᠯᠠ ᠴᠢᠨᠠᠷ ᠪᠣᠯᠣᠨ ᠥᠨᠳᠥᠷ ᠲᠦᠪᠰᠢᠨ ᠢ ᠳᠠᠬᠢᠨᠲᠠ ᠭᠦᠢᠴᠡᠳ ᠬᠠᠷᠠᠭᠤᠯᠪᠠ᠃ ᠳᠤᠮᠳᠠᠳᠤ ᠭᠠᠪᠤᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠦᠷᠭᠦᠯᠵᠢᠯᠡᠨ ᠠᠬᠢᠭᠤᠯᠬᠤ ᠨᠢ ᠬᠤᠶᠠᠷ ᠤᠯᠤᠰ ᠤᠨ ᠬᠠᠮᠲᠤ ᠶᠢᠨ ᠪᠠ ᠠᠯᠤᠰ ᠭᠡᠳᠤ ᠶᠢᠨ ᠠᠰᠢᠭ ᠲᠤᠰᠠ ᠳᠤ ᠨᠡᠶᠢᠴᠡᠬᠦ ᠪᠥᠭᠡᠳ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠵᠢᠱᠢᠶ᠎ᠡ ᠦᠵᠡᠭᠦᠯᠭᠦ ᠦᠢᠯᠡᠳᠦᠯ ᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠭᠠᠪᠤᠨ ᠤ ᠬᠢᠨ ᠲᠠᠢ ᠬᠠᠮᠲᠤ ᠪᠠᠷ ᠳᠤᠮᠳᠠᠳᠤ ᠭᠠᠪᠤᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃             ᠰᠢ ᠶᠢᠨ ᠫᠢᠩ᠂ ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠪᠣᠯᠣᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠭᠠᠪᠤᠨ ᠴᠤ ︽ᠰᠢᠨ᠎ᠡ ᠪᠠᠷ ᠮᠠᠨᠳᠤᠭᠰᠠᠨ ᠭᠠᠪᠤᠨ︾᠎ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠᠨ ᠡᠷᠲᠡᠬᠡᠨ ᠪᠡᠶᠡᠯᠡᠭᠦᠯᠬᠦ ᠪᠠᠷ ᠢᠳᠡᠪᠬᠢᠲᠡᠢ ᠴᠢᠷᠮᠠᠶᠢᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠭᠠᠪᠤᠨ ᠯᠤᠭ᠎ᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠨ᠎ᠡ᠃ ᠭᠠᠪᠤᠨ ᠤ ᠬᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠤᠮᠳᠠᠳᠤ ᠤᠯᠤᠰ ᠡᠷᠡᠰ ᠲᠡᠮᠵᠢᠵᠥ᠂ ᠳᠤᠷᠠᠲᠠᠶ᠎ᠠ ᠭᠠᠪᠤᠨ ᠤ ᠬᠢᠨ ᠲᠠᠢ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠢ ᠰᠢᠭᠤᠢ᠂ ᠵᠢᠭᠠᠰᠤᠨ ᠤ ᠦᠢᠯᠡᠰ᠂ ᠲᠣᠭᠠᠴᠢᠯᠠᠭᠰᠠᠨ ᠠᠵᠤ ᠠᠬᠤᠢ ᠪᠣᠯᠣᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠠᠬᠢᠭᠤᠯᠵᠤ᠂ ᠭᠠᠪᠤᠨ ᠤ ᠠᠵᠤ ᠠᠬᠤᠢ ᠶᠢᠨ ᠤᠯᠠᠨ ᠡᠰᠢᠵᠢᠭ᠍ᠰᠡᠨ ᠬᠥᠭᠵᠢᠯᠲᠡ ᠪᠣᠯᠣᠨ ᠠᠵᠤ ᠦᠢᠯᠡᠰ ᠤᠨ ᠲᠡᠰ ᠲᠡᠪᠰᠢᠯᠳᠡ ᠪᠠᠨ ᠪᠡᠶᠡᠯᠡᠭᠦᠯᠬᠦ ᠶᠢ ᠲᠡᠮᠵᠢᠵᠥ᠂ ᠪᠣᠬᠢᠷᠳᠤᠯ ᠦᠭᠡᠢ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠥᠭᠵᠢᠵᠦ ᠪᠠᠶᠢᠭ᠎ᠠ ᠤᠯᠤᠰ ᠤᠳ ᠤᠨ ᠵᠠᠭᠪᠤᠷ ᠢ ᠴᠣᠭᠴᠠᠯᠠᠨ᠎ᠠ᠃ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠵᠢᠭᠤᠯᠴᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠨ ᠲᠠᠷᠢᠶᠠᠴᠢᠳ ᠲᠤ ᠠᠰᠢᠭ ᠬᠦᠷᠲᠡᠭᠡᠬᠦ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠶ᠎ᠠ᠃ ᠬᠤᠶᠠᠷ ᠲᠠᠯ᠎ᠠ ᠪᠠᠷ ᠢᠶᠠᠨ ᠪᠠᠰᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯᠠᠲᠤ ᠲᠠᠪᠴᠠᠩ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠭᠠᠪᠤᠨ ᠤ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠤᠭᠲᠤᠬᠤ ᠲᠠᠰᠢᠷᠠᠮ ᠳᠤ᠂ ᠬᠤᠶᠠᠷ ᠲᠠᠯ᠎ᠠ ᠶᠢᠨ ᠨᠥᠭᠦᠷᠰᠡᠭ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠬᠥᠭᠵᠢᠭᠦᠯᠦᠨ᠎ᠡ ᠭᠡᠵᠦ ᠴᠢᠬᠤᠯᠠᠴᠢᠯᠠᠵᠠᠢ᠃             ᠰᠢ ᠶᠢᠨ ᠫᠢᠩ᠂ ᠤᠳᠤ ᠶᠢᠨ ᠳᠡᠯᠡᠬᠡᠢ ᠶᠢᠷᠲᠢᠨᠴᠦ ᠳᠤ ᠤᠯᠠᠨ ᠳᠠᠪᠬᠤᠷ ᠥᠷᠢᠰᠦᠯᠳᠦᠭᠡᠨ ᠪᠠ ᠡᠯ᠎ᠡ ᠵᠦᠢᠯ ᠤᠨ ᠬᠢᠮᠤᠷᠠᠯ ᠰᠣᠯᠪᠢᠴᠠᠨ ᠳᠠᠪᠬᠤᠴᠠᠵᠤ ᠪᠠᠶᠢᠨ᠎ᠠ᠃ ᠳᠤᠮᠳᠠᠳᠤ ᠤᠯᠤᠰ ᠪᠣᠯᠣᠨ ᠠᠹᠷᠢᠺᠠ ᠲᠢᠪ ᠤᠨ ᠤᠯᠤᠰ ᠤᠳ ᠥᠩᠭᠡᠷᠡᠭᠰᠡᠨ ᠤ ᠠᠯᠢ ᠦᠶ᠎ᠡ ᠠᠴᠠ ᠴᠤ ᠢᠯᠡᠭᠦᠦ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠴᠢᠬᠤᠯᠠᠲᠠᠢ ᠪᠣᠯᠵᠠᠢ᠃ ᠬᠤᠶᠠᠷ ᠲᠠᠯ᠎ᠠ ᠪᠠᠷ ᠢᠶᠠᠨ ︽ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ︾᠎ ᠶᠢ ᠵᠠᠯᠭᠠᠮᠵᠢᠯᠠᠨ ᠪᠠᠳᠠᠷᠠᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠵᠡᠷᠭᠡ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠪᠠᠷᠢᠮᠲᠠᠯᠠᠵᠤ᠂ ᠠᠯᠢᠪᠠ ᠬᠡᠯᠪᠡᠷᠢ ᠶᠢᠨ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠶ᠎ᠠ᠃             ᠳᠤᠮᠳᠠᠳᠤ ᠤᠯᠤᠰ ᠠᠹᠷᠢᠺᠠ ᠲᠢᠪ ᠤᠨ ᠬᠢᠨ ᠥᠪᠡᠷᠮᠢᠴᠡ ᠣᠨᠴᠠᠯᠢᠭ ᠲᠠᠢ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ᠂ ᠠᠹᠷᠢᠺᠠ ᠲᠢᠪ ᠤᠨ ᠬᠢᠨ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠳᠪᠦᠷᠢᠵᠢᠯᠲᠡ ᠶᠢᠨ ᠠᠬᠢᠴᠠ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠶᠢ ᠡᠷᠡᠰ ᠲᠡᠮᠵᠢᠵᠥ᠂ ᠠᠹᠷᠢᠺᠠ ᠲᠢᠪ ᠳᠡᠯᠡᠬᠡᠢ ᠶᠢᠨ ᠤᠯᠤᠰ ᠲᠦᠷᠦ᠂ ᠠᠵᠤ ᠠᠬᠤᠢ᠂ ᠪᠣᠯᠪᠠᠰᠤᠨ ᠤ ᠬᠥᠭᠵᠢᠯᠲᠡ ᠶᠢᠨ ᠴᠢᠬᠤᠯᠠ ᠨᠢᠭᠡ ᠲᠤᠶᠢᠯ ᠪᠣᠯᠬᠤ ᠶᠢ ᠡᠷᠡᠰ ᠲᠡᠮᠵᠢᠵᠥ᠂ ᠳᠤᠷᠠᠲᠠᠶ᠎ᠠ ᠲᠤᠰ ᠪᠡᠶ᠎ᠡ ᠶᠢᠨ ᠰᠢᠨ᠎ᠡ ᠬᠥᠭᠵᠢᠯᠲᠡ ᠪᠠᠷ ᠢᠶᠠᠨ ᠠᠹᠷᠢᠺᠠ ᠲᠢᠪ ᠤᠨ ᠬᠢᠨ ᠳᠤ ᠰᠢᠨ᠎ᠡ ᠠᠵᠠ ᠲᠣᠭᠢᠶᠠᠯ ᠬᠠᠩᠭᠠᠵᠤ᠂ ᠳᠤᠮᠳᠠᠳᠤ ᠠᠹᠷᠢᠺᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠪᠣᠯᠣᠨ ᠤᠯᠠᠨ ᠤᠯᠤᠰ ᠪᠣᠯᠣᠨ ᠠᠹᠷᠢᠺᠠ ᠲᠢᠪ ᠯᠦᠭᠡ ᠶᠢᠨ ᠬᠠᠮᠲᠤᠷᠠᠯᠴᠠᠭᠠᠨ ᠤ ᠨᠡᠶᠢᠲᠡᠯᠢᠭ ᠵᠢᠱᠢᠶ᠎ᠡ ᠪᠣᠯᠭᠠᠨ᠎ᠠ ᠭᠡᠵᠦ ᠵᠢᠭᠠᠵᠤ ᠭᠠᠷᠭᠠᠪᠠ᠃             ᠪᠠᠩᠭᠧ᠂ ᠲᠡᠷᠢᠭᠦᠯᠡᠭᠴᠢ ᠰᠢ ᠶᠢᠨ ᠫᠢᠩ ᠳᠠᠬᠢᠨᠲᠠ ᠲᠡᠷᠢᠭᠦᠯᠡᠭᠴᠢ ᠪᠠᠷ ᠰᠣᠩᠭᠤᠭᠳᠠᠭᠠᠳ ᠤᠳᠠᠭ᠎ᠠ ᠦᠭᠡᠢ ᠪᠠᠶᠢᠬᠤ ᠎ ᠳᠤ ᠤᠷᠢᠯᠭ᠎ᠠ ᠪᠠᠷ ᠳᠤᠮᠳᠠᠳᠤ ᠤᠯᠤᠰ ᠲᠤ ᠠᠶᠢᠯᠴᠢᠯᠠᠭᠰᠠᠨ ᠳᠠᠭᠠᠨ ᠮᠠᠰᠢ ᠵᠣᠯ ᠲᠠᠢ ᠰᠠᠨᠠᠭᠳᠠᠵᠤ ᠪᠠᠶᠢᠨ᠎ᠠ᠂ ᠪᠢ ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠳᠤᠮᠳᠠᠳᠤ ᠤᠯᠤᠰ ᠤᠨ ᠪᠦᠭᠦ ᠤᠯᠤᠰ ᠤᠨ ᠬᠤᠶᠠᠷ ᠬᠤᠷᠠᠯ ᠠᠮᠵᠢᠯᠲᠠ ᠲᠠᠢ ᠬᠤᠷᠠᠯᠳᠤᠭᠰᠠᠨ ᠳᠤ ᠳᠠᠬᠢᠨᠲᠠ ᠪᠠᠶᠠᠷ ᠬᠦᠷᠭᠡᠶ᠎ᠡ᠂ ᠡᠨᠡ ᠬᠤᠶᠠᠷ ᠤᠳᠠᠭ᠎ᠠ ᠶᠢᠨ ᠦᠪᠡᠳᠡᠭᠰᠢ ᠶᠡᠭᠡ ᠬᠤᠷᠠᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠲᠡᠷᠢᠭᠦᠯᠡᠭᠴᠢ ᠰᠢ ᠶᠢᠨ ᠫᠢᠩ ᠢ ᠳᠡᠭᠡᠳᠦ ᠬᠡᠮᠵᠢᠶ᠎ᠡ ᠪᠠᠷ ᠢᠲᠡᠭᠡᠵᠦ ᠪᠠᠶᠢᠬᠤ ᠶᠢ ᠭᠦᠢᠴᠡᠳ ᠬᠠᠷᠠᠭᠤᠯᠤᠭᠰᠠᠨ ᠢᠶᠠᠷ ᠪᠠᠷᠠᠬᠤ ᠦᠭᠡᠢ ᠪᠢᠳᠡ ᠴᠦ ᠳᠤᠮᠳᠠᠳᠤ ᠤᠯᠤᠰ ᠦᠷᠭᠦᠯᠵᠢᠯᠡᠨ ᠴᠡᠴᠡᠭᠯᠡᠨ ᠬᠥᠭᠵᠢᠬᠦ ᠵᠠᠮ ᠳᠡᠭᠡᠷ᠎ᠡ ᠨᠡᠩ ᠤᠯᠠᠨ ᠠᠮᠵᠢᠯᠲᠠ ᠣᠯᠬᠤ ᠶᠢ ᠨᠡᠩ ᠪᠠᠲᠤ ᠢᠲᠡᠭᠡᠪᠡ᠃ ᠭᠠᠪᠤᠨ ᠤ ᠎ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠵᠢᠴᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠵᠡᠷᠭᠡ ᠴᠢᠬᠤᠯᠠ ᠣᠶᠢᠯᠠᠭᠠᠭᠳᠠᠬᠤᠨ ᠢ ᠳᠡᠮᠵᠢᠨ᠎ᠠ᠃ ᠭᠠᠪᠤᠨ ᠳᠤᠮᠳᠠᠳᠤ ᠬᠤᠶᠠᠷ ᠲᠠᠯ᠎ᠠ ᠪᠠᠷ ᠢᠶᠠᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ ᠲᠠᠢ ᠪᠠᠶᠢᠵᠤ᠂ ᠢᠮᠠᠭᠲᠠ ᠬᠠᠷᠢᠯᠴᠠᠨ ᠭᠦᠨᠳᠦᠳᠭᠡᠵᠦ᠂ ᠬᠠᠷᠢᠯᠴᠠᠨ ᠳᠡᠮᠵᠢᠭᠰᠡᠭᠡᠷ ᠢᠷᠡᠵᠠᠢ᠃ ᠳᠤᠮᠳᠠᠳᠤ ᠶᠢᠨ ᠲᠠᠯ᠎ᠠ ᠶᠢᠨ ᠬᠢᠨ ᠤ ᠤᠷᠳᠤ ᠬᠤᠭᠤᠴᠠᠭᠠᠨ ᠤ ᠲᠤᠷᠰᠢ ᠭᠠᠪᠤᠨ ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠵᠦ᠂ ᠭᠠᠪᠤᠨ ᠤ ᠠᠵᠤ ᠠᠬᠤᠢ ᠶᠢᠨ ᠤᠯᠠᠨ ᠡᠰᠢᠵᠢᠭ᠍ᠰᠡᠨ ᠬᠥᠭᠵᠢᠯᠲᠡ ᠪᠣᠯᠣᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ ᠪᠣᠯᠣᠨ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠬᠤ ᠶᠢ ᠬᠦᠰᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠠᠵᠤ ᠠᠬᠤᠶᠢᠯᠠᠯ ᠤᠨ ᠭᠠᠪᠤᠨ ᠳᠤ ᠬᠦᠷᠴᠦ ᠠᠵᠤ ᠦᠢᠯᠡᠳᠪᠦᠷᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠠᠵᠤ ᠠᠬᠤᠶᠢᠯᠠᠯ ᠳᠤ ᠰᠠᠶᠢᠨ ᠰᠠᠶᠢᠬᠠᠨ ᠣᠷᠴᠢᠨ ᠨᠥᠬᠦᠴᠡᠯ ᠬᠠᠩᠭᠠᠵᠤ ᠥᠭᠭᠦᠨ᠎ᠡ᠃ ᠭᠠᠪᠤᠨ ᠤ ᠬᠢᠨ ᠳᠤᠮᠳᠠᠳᠤ ᠤᠯᠤᠰ ᠯᠤᠭ᠎ᠠ ᠳᠠᠷᠠᠭ᠎ᠠ ᠵᠢᠯ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠨ ᠬᠠᠮᠲᠤ ᠪᠠᠷ ᠦᠪᠡᠳᠡᠭᠰᠢ ᠶᠡᠭᠡ ᠪᠠᠷ ᠪᠡᠯᠭᠡᠯᠡᠵᠦ᠂ ᠨᠥᠭᠦᠷᠰᠡᠭ ᠬᠠᠮᠲᠤᠷᠠᠯᠴᠠᠭ᠎ᠠ ᠪᠠᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠠᠬᠢᠭᠤᠯᠬᠤ ᠶᠢ ᠬᠦᠰᠡᠵᠦ ᠪᠠᠶᠢᠨ᠎ᠠ᠃ ᠭᠠᠪᠤᠨ ᠳᠤᠮᠳᠠᠳᠤ ᠤᠯᠤᠰ ᠮᠠᠰᠢ ᠤᠯᠠᠨ ᠳᠡᠯᠡᠬᠡᠢ ᠶᠢᠨ ᠬᠡᠷᠡᠭ ᠶᠠᠪᠤᠳᠠᠯ ᠳᠡᠭᠡᠷ᠎ᠡ ᠠᠳᠠᠯᠢ ᠪᠤᠶᠤ ᠠᠳᠠᠯᠢᠪᠲᠤᠷ ᠵᠣᠭᠰᠣᠯᠲᠠ ᠲᠠᠢ ᠪᠠᠶᠢᠵᠤ᠂ ᠪᠦᠷ ᠡᠯ᠎ᠡ ᠤᠯᠤᠰ ᠤᠨ ᠡᠷᠬᠡ ᠮᠡᠳᠡᠯ ᠢ ᠭᠦᠨᠳᠦᠳᠭᠡᠵᠦ᠂ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠵᠦ᠂ ᠬᠥᠮᠥᠨ ᠤ ᠡᠷᠬᠡ ᠶᠢᠨ ᠠᠰᠠᠭᠤᠳᠠᠯ ᠢ ᠤᠯᠤᠰ ᠲᠥᠷᠥᠴᠢᠯᠡᠬᠦ ᠪᠠ ᠬᠤᠶᠠᠳᠠᠮᠠᠯ ᠪᠠᠷᠢᠮᠵᠢᠶ᠎ᠠ ᠬᠡᠷᠡᠭᠵᠢᠭᠦᠯᠬᠦ ᠶᠢ ᠡᠰᠡᠷᠭᠦᠴᠡᠳᠡᠭ᠃ ᠭᠠᠪᠤᠨ ᠤ ᠎ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠦᠷᠭᠦᠯᠵᠢᠯᠡᠨ ᠨᠢᠭᠲᠠᠷᠠᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠣᠯᠣᠨ ᠠᠹᠷᠢᠺᠠ ᠳᠤᠮᠳᠠᠳᠤ ᠶᠢᠨ ᠬᠠᠷᠢᠯᠴᠠᠭ᠎ᠠ ᠶᠢᠨ ᠨᠡᠩ ᠰᠠᠶᠢᠨ ᠬᠥᠭᠵᠢᠯᠲᠡ ᠶᠢ ᠪᠡᠶᠡᠯᠡᠭᠦᠯᠵᠦ᠂ ᠨᠡᠩ ᠤᠯᠠᠨ ᠠᠮᠵᠢᠯᠲᠠ ᠣᠯᠬᠤ ᠶᠢ ᠠᠬᠢᠭᠤᠯᠤᠨ᠎ᠠ ᠭᠡᠵᠦ ᠢᠯᠡᠳᠬᠡᠪᠡ᠃             ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠪᠡᠯᠡ ᠣᠷᠤᠭᠤᠯᠤᠯᠲᠠ᠂ ᠬᠥᠳᠡᠭᠡ ᠠᠵᠤ ᠠᠬᠤᠢ᠂ ᠣᠷᠣᠨ ᠰᠠᠭᠤᠴᠠ ᠪᠣᠯᠣᠨ ᠬᠤᠳᠠ ᠶᠢᠨ ᠪᠦᠲᠦᠭᠡᠨ ᠪᠠᠶᠢᠭᠤᠯᠤᠯᠲᠠ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃             ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠭᠠᠪᠤᠨ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾᠎ ᠶᠢ ᠨᠡᠶᠢᠲᠡᠯᠡᠪᠡ᠃             ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠪᠠᠩᠭᠧ ᠶᠢ ᠤᠭᠲᠤᠬᠤ ᠶᠣᠰᠣᠯᠠᠯ ᠶᠠᠪᠤᠭᠤᠯᠪᠠ᠃             ᠪᠠᠩᠭᠧ ᠬᠦᠷᠴᠦ ᠢᠷᠡᠬᠦ ᠦᠶ᠎ᠡ ᠳᠤ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣ ᠭᠦᠢᠴᠡᠳᠬᠡᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠭᠠᠪᠤᠨ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠪᠠᠩᠭᠧ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢᠨ ᠵᠢᠭᠰᠠᠭᠠᠯ ᠢ ᠰᠣᠨᠢᠷᠬᠠᠪᠠ᠃             ᠰᠢ ᠶᠢᠨ ᠫᠢᠩ ᠤᠨ ᠬᠠᠳᠤᠨ ᠫᠧᠩ ᠯᠢ ᠶᠤᠸᠠᠨ ᠪᠣᠯᠣᠨ ᠪᠠᠩᠭᠧ ᠶᠢᠨ ᠬᠠᠳᠤᠨ ᠰᠢᠷᠠᠸᠢᠶ᠎ᠠ ᠪᠡᠷ᠎ᠡ ᠪᠣᠯᠵᠤ ᠤᠭᠲᠤᠬᠤ ᠶᠣᠰᠣᠯᠠᠯ ᠳᠤ ᠣᠷᠣᠯᠴᠠᠪᠠ᠃             ᠲᠤᠰ ᠣᠷᠣᠢ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠶᠡᠭᠡ ᠲᠢᠩᠬᠢᠮ ᠳᠤ ᠪᠠᠩᠭᠧ ᠪᠣᠯᠣᠨ ᠲᠡᠭᠦᠨ ᠤ ᠬᠠᠳᠤᠨ ᠰᠢᠷᠠᠸᠢᠶ᠎ᠠ ᠶᠢ ᠤᠭᠲᠤᠬᠤ ᠳᠠᠶᠢᠯᠠᠯᠭ᠎ᠠ ᠬᠢᠪᠡ᠃             ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃             ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号