ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠳ᠋ᠢᠶᠠᠰ ᠊᠊ ᠺᠠᠨ᠋ᠸᠶᠢᠷ ᠺᠦᠪᠡ ᠶᠢᠨ ᠤᠯᠤᠰ ᠤᠨ ᠲᠡᠷᠢᠭᠦᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2023/4/21
      4 ᠰᠠᠷ᠎ᠠ ᠶᠢᠨ 20᠎ ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠦᠪᠡ ᠶᠢᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠢᠭᠡᠳᠦᠭᠡᠷ ᠱᠦᠵᠢ᠂ ᠺᠦᠪᠡ ᠶᠢᠨ ᠤᠯᠤᠰ ᠤᠨ ᠲᠡᠷᠢᠭᠦᠯᠡᠭᠴᠢ ᠳ᠋ᠢᠶᠠᠰ ᠊᠊ ᠺᠠᠨ᠋ᠸᠶᠢᠷ ᠲᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠺᠦᠪᠡ ᠶᠢᠨ ᠤᠯᠤᠰ ᠤᠨ ᠲᠡᠷᠢᠭᠦᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠪᠠᠶᠠᠷ ᠬᠦᠷᠭᠡᠪᠡ᠃             ᠰᠢ ᠶᠢᠨ ᠫᠢᠩ᠂ ᠣᠳᠣᠬᠠᠨ ᠳᠤ᠂ ᠳᠤᠮᠳᠠᠳᠤ ᠺᠦᠪᠡ ᠶᠢᠨ ᠬᠠᠷᠢᠯᠴᠠᠭ᠎ᠠ ᠥᠨᠳᠥᠷ ᠲᠦᠪᠰᠢᠨ ᠪᠦᠬᠦᠢ ᠠᠵᠢᠯᠯᠠᠭᠠᠨ ᠢᠶᠠᠨ ᠪᠠᠲᠤᠯᠠᠭᠰᠠᠨ ᠪᠥᠭᠡᠳ ᠲᠠᠰᠤᠷᠠᠯᠳᠠ ᠦᠭᠡᠢ ᠰᠢᠨ᠎ᠡ ᠠᠬᠢᠴᠠ ᠲᠠᠢ ᠪᠣᠯᠪᠠ᠃ ᠨᠢᠳᠤᠨᠤᠨ ᠤ 11 ᠰᠠᠷ᠎ᠠ ᠳᠤ᠂ ᠲᠡᠷᠢᠭᠦᠯᠡᠭᠴᠢ ᠳ᠋ᠢᠶᠠᠰ ᠊᠊ ᠺᠠᠨ᠋ᠸᠶᠢᠷ ᠤᠨ ᠳᠤᠮᠳᠠᠳᠤ ᠤᠯᠤᠰ ᠲᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠲᠡᠭᠦᠰ ᠠᠮᠵᠢᠯᠲᠠ ᠣᠯᠵᠤ᠂ ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠺᠦᠪᠡ ᠶᠢᠨ ᠣᠨᠴᠠᠭᠠᠢ ᠨᠥᠭᠦᠷᠰᠡᠭ ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠪᠢ ᠳᠤᠮᠳᠠᠳᠤ ᠺᠦᠪᠡ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠲᠡᠷᠢᠭᠦᠯᠡᠭᠴᠢ ᠳ᠋ᠢᠶᠠᠰ ᠊᠊ ᠺᠠᠨ᠋ᠸᠶᠢᠷ ᠲᠠᠢ ᠨᠢᠭᠲᠠ ᠣᠯᠣᠯᠴᠠᠭ᠎ᠠ ᠪᠠᠨ ᠪᠠᠲᠤᠯᠠᠵᠤ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠤᠯᠤᠰ ᠲᠦᠷᠦ ᠶᠢᠨ ᠵᠢᠯᠣᠭᠤᠳᠤᠮᠵᠢ ᠶᠢ ᠦᠷᠭᠦᠯᠵᠢᠯᠡᠨ ᠴᠢᠩᠭᠠᠳᠬᠠᠵᠤ᠂ ᠭᠠᠷ ᠬᠤᠯᠪᠣᠨ ᠳᠤᠮᠳᠠᠳᠤ ᠺᠦᠪᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃             ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 20᠎ ᠤ ᠴᠠᠬᠢᠯᠭᠠᠨ ᠮᠡᠳᠡᠭᠡ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号