| | - ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠢ ᠭᠦᠨᠵᠡᠭᠡᠢ ᠥᠷᠨᠢᠭᠦᠯᠵᠦ ᠪᠤᠢ | | | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠰᠠᠨ ᠤ | ᠳᠠᠷᠠᠭ᠎ᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ | ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠵᠠᠮ ᠨᠡᠭᠡᠭᠡᠨ ᠤᠷᠤᠭᠰᠢᠯᠠᠬᠤ ᠬᠥᠳᠡᠯᠭᠡᠬᠦ | ᠬᠦᠴᠦᠨ ᠪᠠ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠪᠠᠶᠢᠨ᠎ᠠ᠃ | | ᠭᠦᠨᠵᠡᠭᠡᠢ ᠰᠤᠷᠤᠯᠴᠠᠨ ᠲᠤᠭᠤᠰᠢᠲᠠᠢ ᠣᠶᠢᠯᠠᠭᠠᠵᠤ᠂ ᠨᠡᠶᠢᠯᠡᠭᠦᠯᠦᠨ ᠰᠢᠩᠭᠡᠭᠡᠵᠦ ᠨᠡᠪᠳᠡᠷᠡᠳᠡᠯ᠎ᠡ ᠣᠶᠢᠯᠠᠭᠠᠬᠤ ᠳᠡᠭᠡᠷ᠎ᠡ | ᠬᠦᠴᠦ ᠲᠠᠯᠪᠢᠵᠤ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠨ᠂ | ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠤᠨ᠎ᠠ᠃ ᠲᠥᠪ ᠤᠨ ᠤᠯᠤᠰ ᠤᠨ ᠠᠮᠤᠷ ᠲᠦᠪᠰᠢᠨ ᠤ | ᠬᠤᠷᠢᠶ᠎ᠠ ᠶᠢᠨ ᠠᠯᠪᠠᠨ ᠭᠡᠷ ᠭᠤᠣᠯ ᠰᠡᠳᠦᠪᠲᠦ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠰᠢᠨ᠎ᠡ ᠴᠠᠭ ᠦᠶ᠎ᠡ ᠶᠢᠨ | ᠤᠯᠤᠰ ᠤᠨ ᠠᠮᠤᠷ ᠲᠦᠪᠰᠢᠨ ᠤ ᠠᠵᠢᠯ ᠤᠨ ᠡᠯ᠎ᠡ ᠲᠠᠯ᠎ᠠ ᠳᠤ ᠣᠷᠭᠠᠨᠢᠭ ᠢᠶᠠᠷ ᠠᠭᠤᠰᠤᠯᠴᠠᠭᠤᠯᠵᠤ᠂ ᠦᠢᠯᠡᠳᠦᠯᠭᠡ ᠪᠠᠷ | ᠤᠳᠤᠷᠢᠳᠤᠮᠵᠢ ᠪᠤᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠂ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠬᠤ᠂ ᠶᠠᠰᠤ ᠴᠢᠨᠠᠷ ᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠷᠭ᠎ᠠ | ᠬᠡᠮᠵᠢᠶ᠎ᠡ ᠶᠢ ᠨᠢᠭᠡ ᠴᠣᠭᠴᠠᠵᠢᠭᠤᠯᠤᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠳᠡᠭᠡᠷ᠎ᠡ ᠴᠥᠬᠦᠷᠡᠰᠢ ᠦᠭᠡᠢ | ᠬᠦᠴᠦ ᠲᠠᠯᠪᠢᠵᠤ ᠪᠠᠶᠢᠨ᠎ᠠ᠃ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠯᠪᠠᠨ ᠭᠡᠷ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ | ᠲᠠᠯ᠎ᠠ ᠪᠠᠷ ᠰᠤᠷᠤᠯᠴᠠᠨ ᠣᠶᠢᠯᠠᠭᠠᠭᠰᠠᠨ ᠰᠠᠭᠤᠷᠢᠨ ᠳᠡᠭᠡᠷ᠎ᠡ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ | ᠲᠣᠪᠤᠶᠢᠯᠭᠠᠵᠤ ᠰᠤᠷᠤᠯᠴᠠᠨ᠂ ᠪᠣᠳᠠᠲᠤ ᠠᠵᠢᠯᠯᠠᠭ᠎ᠠ ᠪᠠᠷ ᠢᠶᠠᠨ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠠᠵᠤ | ᠠᠬᠤᠢ ᠶᠢᠨ ᠠᠵᠢᠯ ᠤᠨ ᠰᠠᠶᠢᠨ ᠵᠥᠪᠯᠡᠭᠴᠢ ᠲᠤᠰᠠᠯᠠᠭᠴᠢ ᠪᠤᠯᠬᠤ ᠪᠠᠷ ᠴᠢᠷᠮᠠᠶᠢᠵᠤ ᠪᠠᠶᠢᠨ᠎ᠠ᠃ | | ᠤᠷᠢᠳᠴᠢᠯᠠᠨ ᠰᠦᠪᠡᠭᠴᠢᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠵᠢᠯᠤᠭᠤᠳᠬᠤ ᠪᠠᠨ | ᠴᠢᠩᠭᠠᠳᠬᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠳᠠᠮᠵᠢᠭᠤᠯᠤᠨ᠂ ᠭᠤᠣᠯ ᠰᠡᠳᠦᠪᠲᠦ ᠬᠥᠮᠦᠵᠢᠯ ᠤᠨ ᠰᠠᠶᠢᠨ | ᠡᠭᠢᠯᠡᠯᠲᠡ ᠲᠠᠢ ᠪᠤᠯᠬᠤ ᠶᠢ ᠠᠬᠢᠭᠤᠯᠤᠨ᠎ᠠ᠃ ᠲᠥᠪ ᠤᠨ ᠭᠠᠳᠠᠭᠠᠳᠤ ᠶᠠᠪᠤᠳᠠᠯ ᠤᠨ ᠠᠵᠢᠯ ᠤᠨ ᠬᠤᠷᠢᠶ᠎ᠠ ᠶᠢᠨ ᠠᠯᠪᠠᠨ ᠭᠡᠷ | ᠳᠠᠶᠢᠴᠢᠯᠠᠯᠲᠠ ᠶᠢᠨ ᠬᠤᠷᠠᠯ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠳᠤᠯᠤᠨ ᠶᠠᠷᠢᠯᠴᠠᠬᠤ ᠬᠤᠷᠠᠯ | ᠂ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ︽ᠶᠡᠭᠡ | ᠰᠤᠷᠤᠯᠴᠠᠯᠭ᠎ᠠ ᠶᠡᠭᠡ ᠪᠠᠶᠢᠴᠠᠭᠠᠨ ᠰᠤᠳᠤᠯᠤᠯᠲᠠ ᠶᠡᠭᠡ ᠪᠣᠯᠪᠠᠰᠤᠷᠠᠯ︾ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠬᠦ᠂ ᠭᠤᠣᠯ | ᠠᠵᠢᠯ ᠳᠤ ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠠᠬᠢᠭᠤᠯᠵᠤ ᠪᠠᠶᠢᠨ᠎ᠠ᠃ ᠲᠥᠪ ᠤᠨ | ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶ᠎ᠠ ᠶᠢᠨ ᠠᠯᠪᠠᠨ ᠭᠡᠷ ᠨᠠᠮ ᠤᠨ ᠰᠢᠨ᠎ᠡ ᠶᠢ ᠡᠭᠦᠳᠦᠭᠰᠡᠨ ᠣᠨᠣᠯ ᠤᠨ ᠲᠤᠰᠬᠠᠢ | ᠰᠡᠳᠦᠪᠲᠦ ᠨᠣᠮ ᠤᠩᠰᠢᠬᠤ ᠠᠩᠭᠢ ᠪᠠ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠵᠥᠪ ᠢᠶᠠᠷ ᠲᠠᠨᠢᠬᠤ | ᠪᠠ ᠶᠡᠭᠡ ᠪᠠᠷ ᠠᠬᠢᠭᠤᠯᠬᠤ︾ ᠣᠨᠣᠯ ᠤᠨ ᠰᠤᠷᠤᠯᠴᠠᠯᠭ᠎ᠠ ᠶᠢᠨ ᠮᠡᠳᠡᠭᠦᠯᠦᠯᠲᠡ ᠶᠢᠨ ᠬᠤᠷᠠᠯ ᠢ ᠡᠷᠭᠢᠯᠡᠵᠦ᠂ ᠭᠤᠣᠯ | ᠰᠡᠳᠦᠪᠲᠦ ᠬᠥᠮᠦᠵᠢᠯ ᠥᠷᠨᠢᠭᠦᠯᠬᠦ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠡᠷᠭᠡ | ᠪᠦᠭᠦ ᠵᠢᠯ ᠤᠨ ᠭᠤᠣᠯᠳᠠᠯᠭ᠎ᠠ ᠲᠠᠢ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠣᠷᠭᠠᠨᠢᠭ ᠢᠶᠠᠷ ᠨᠢᠭᠡᠳᠬᠡᠪᠡ᠃ | | ᠪᠦᠭᠦ ᠨᠠᠮ ᠢᠶᠠᠷ ᠢᠶᠠᠨ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠪᠣᠯ ᠡᠨᠡ ᠤᠳᠠᠭ᠎ᠠ ᠶᠢᠨ ᠭᠤᠣᠯ | ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠪᠣᠯᠣᠨ᠎ᠠ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ︽ᠦᠢᠯᠡᠳᠦᠯᠭᠡ ᠶᠢ ᠴᠢᠬᠤᠯᠠᠴᠢᠯᠠᠬᠤ︾ ᠲᠠᠯ᠎ᠠ ᠪᠠᠷ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠬᠤᠯᠠ ᠶᠡᠭᠡ ᠪᠠᠶᠢᠯᠳᠤᠬᠤ | ᠪᠣᠳᠣᠯᠭ᠎ᠠ᠂ ᠴᠢᠬᠤᠯᠠ ᠶᠡᠭᠡ ᠲᠥᠯᠦᠪᠵᠢᠭᠦᠯᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ | ᠥᠭᠡᠷᠡᠴᠢᠯᠡᠯᠲᠡ᠂ ᠴᠢᠬᠤᠯᠠ ᠶᠡᠭᠡ ᠲᠥᠷᠥᠯ ᠵᠦᠢᠯ ᠵᠡᠷᠭᠡ ᠠᠵᠢᠯ ᠤᠨ ᠪᠦᠭᠦ ᠶᠠᠪᠤᠴᠠ ᠪᠠ ᠡᠯ᠎ᠡ ᠬᠦᠷᠢᠶᠡᠨ ᠳᠤ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠦᠨᠵᠡᠭᠡᠢ ᠪᠠᠶᠢᠴᠠᠭᠠᠨ ᠰᠤᠳᠤᠯᠵᠤ ᠠᠰᠠᠭᠤᠳᠠᠯ ᠢ ᠲᠣᠳᠣᠷᠬᠠᠢ ᠣᠶᠢᠯᠠᠭᠠᠵᠤ᠂ | ᠠᠵᠢᠯ ᠢᠶᠠᠨ ᠰᠠᠶᠢᠵᠢᠷᠠᠭᠤᠯᠤᠨ ᠬᠥᠭᠵᠢᠯᠲᠡ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ | ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠠᠷᠠᠳ ᠤᠨ ᠶᠠᠪᠤᠳᠠᠯ ᠤᠨ ᠶᠠᠮᠤᠨ ᠨᠠᠮ ᠤᠨ ᠭᠡᠰᠢᠭᠦᠨ | ᠺᠠᠳ᠋ᠷᠴᠤᠳ ᠢᠶᠠᠨ ᠳᠠᠶᠢᠴᠢᠯᠠᠨ ᠦᠨᠳᠦᠰᠦᠨ ᠱᠠᠲᠤᠨ ᠤ ᠡᠮᠦᠨ᠎ᠡ ᠹᠷᠣᠨᠲ ᠪᠠ ᠠᠷᠠᠳ ᠤᠨ ᠶᠠᠪᠤᠳᠠᠯ ᠤᠨ ᠦᠢᠯᠡᠴᠢᠯᠡᠬᠦ | ᠡᠲᠡᠭᠡᠳ ᠲᠤ ᠭᠦᠨᠵᠡᠭᠡᠶᠢᠷᠡᠨ᠂ ᠪᠣᠳᠠᠲᠤ ᠪᠠᠶᠢᠳᠠᠯ ᠢ ᠡᠵᠡᠮᠰᠢᠵᠦ᠂ ᠵᠥᠷᠢᠶ᠎ᠡ ᠪᠠᠨ ᠡᠷᠢᠵᠦ᠂ ᠬᠦᠴᠢᠷ ᠠᠰᠠᠭᠤᠳᠠᠯ ᠢ | ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠨ᠎ᠠ᠃ ᠡᠳ᠋ ᠤᠨ ᠵᠠᠰᠠᠭ ᠤᠨ ᠶᠠᠮᠤᠨ ᠡᠳ᠋ ᠤᠨ ᠵᠠᠰᠠᠭ ᠤᠨ | ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠤᠨᠤᠯ ᠤᠨ ᠰᠤᠷᠤᠯᠴᠠᠯᠭ᠎ᠠ ᠶᠢ ᠦᠨᠡᠨ ᠬᠦ | ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ ᠶᠢ ᠱᠠᠭᠠᠷᠳᠠᠵᠤ᠂ ᠪᠠᠶᠢᠴᠠᠭᠠᠨ | ᠰᠤᠳᠤᠯᠤᠯᠲᠠ ᠬᠢᠬᠦ ᠳᠡᠭᠡᠨ ᠪᠣᠳᠠᠲᠤ ᠪᠠᠶᠢᠳᠠᠯ ᠳᠤ ᠭᠦᠨᠵᠡᠭᠡᠶᠢᠷᠡᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ | ᠲᠦᠮᠡᠨ ᠤ ᠳᠤᠮᠳᠠ ᠭᠦᠨᠵᠡᠭᠡᠶᠢᠷᠡᠵᠦ᠂ ᠬᠥᠭᠵᠢᠯᠲᠡ ᠶᠢ ᠠᠬᠢᠭᠤᠯᠬᠤ ᠳᠤ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ | ᠵᠣᠪᠠᠭᠤᠷᠢ ᠶᠢ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃ | | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ | ᠪᠣᠯᠭᠠᠨ ᠬᠤᠪᠢᠷᠠᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ | ᠨᠥᠯᠥᠭᠡᠯᠡᠵᠦ ᠪᠠᠶᠢᠭ᠎ᠠ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠮᠵᠢ ᠶᠢ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠠᠷᠠᠳ ᠣᠯᠠᠨ ᠤ ᠵᠣᠯ | ᠵᠢᠷᠭᠠᠯ ᠲᠠᠢ ᠠᠮᠤᠷ ᠠᠮᠤᠭᠤᠯᠠᠩ ᠣᠷᠣᠰᠢᠨ ᠰᠠᠭᠤᠬᠤ ᠳᠡᠭᠡᠷ᠎ᠡ ᠢᠯᠡᠷᠡᠭᠦᠯᠬᠦ ᠪᠠᠷ ᠴᠢᠷᠮᠠᠶᠢᠵᠤ ᠪᠠᠶᠢᠨ᠎ᠠ᠃ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠭᠰᠡᠨ ᠰᠢᠨ᠎ᠡ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠰᠢᠯᠭᠠᠨ ᠪᠠᠶᠢᠴᠠᠭᠠᠵᠤ ᠪᠠᠶᠢᠨ᠎ᠠ᠃ ᠤᠰᠤᠨ ᠠᠰᠢᠭᠯᠠᠯᠲᠠ ᠶᠢᠨ ᠶᠠᠮᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ | ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠤᠰᠤᠨ | ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ ᠪᠠᠶᠢᠨ᠎ᠠ᠃ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠭᠤᠣᠯ ᠰᠡᠳᠦᠪᠲᠦ ᠬᠥᠮᠦᠵᠢᠯ ᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ ᠥᠷᠨᠢᠭᠦᠯᠵᠦ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢ | ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠭᠦ | ᠴᠢᠬᠤᠯᠠ ᠶᠡᠭᠡ ᠠᠵᠠ ᠲᠣᠭᠢᠶᠠᠯ ᠪᠤᠯᠭᠠᠵᠤ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠰᠡᠳᠬᠢᠯ ᠢᠶᠠᠨ ᠨᠢᠭᠡᠳᠬᠡᠨ | ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠪᠠᠶᠢᠨ᠎ᠠ᠃ | | ᠭᠤᠣᠯ ᠰᠡᠳᠦᠪᠲᠦ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠣᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠣᠯᠣᠨ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠪᠠᠲᠤᠯᠠᠨ᠎ᠠ᠃ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠤᠳᠤᠷᠢᠳᠬᠤ ᠪᠠᠭ ᠢᠶᠠᠷ ᠪᠠᠶᠢᠭᠤᠯᠭ᠎ᠠ ᠶᠢᠨ ᠺᠠᠳ᠋ᠷ ᠢ | ᠳᠠᠭᠠᠭᠤᠯᠵᠤ᠂ ᠪᠠᠶᠢᠭᠤᠯᠭ᠎ᠠ ᠪᠠᠷ ᠰᠢᠰᠲ᠋ᠧᠮ ᠢ ᠳᠠᠭᠠᠭᠤᠯᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠺᠠᠳ᠋ᠷ ᠢᠶᠠᠷ ᠡᠮᠡᠭᠲᠡᠢ | ᠤᠯᠠᠨ ᠲᠦᠮᠡᠨ ᠢ ᠳᠠᠭᠠᠭᠤᠯᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ | ᠪᠠᠶᠢᠨ᠎ᠠ᠃ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ | ᠣᠳᠣᠬᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠵᠣᠬᠢᠶᠠᠨ ᠪᠠᠶᠢᠭᠤᠯᠵᠤ | ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠬᠠᠨᠳᠤᠯᠭᠠᠲᠤ ᠴᠢᠨᠠᠷ | ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠴᠢᠩᠭᠠᠳᠬᠠᠵᠤ᠂ ᠬᠠᠷᠢᠶᠠᠲᠤ ᠠᠬ᠎ᠠ ᠳᠡᠭᠦᠦ ᠨᠠᠷ ᠤᠨ | ᠳᠣᠲᠣᠨᠣ ᠬᠥᠮᠥᠨ᠂ ᠬᠠᠷᠢᠶᠠᠲᠤ ᠨᠠᠷ ᠤᠨ ᠠᠵᠢᠯ ᠤᠨ ᠪᠣᠳᠠᠲᠠᠢ ᠠᠵᠢᠯᠯᠠᠭᠴᠢ ᠪᠤᠯᠬᠤ ᠪᠠᠷ ᠴᠢᠷᠮᠠᠶᠢᠵᠤ ᠪᠠᠶᠢᠨ᠎ᠠ᠃ | ᠳᠤᠮᠳᠠᠳᠤ ᠤᠯᠤᠰ ᠤᠨ ᠰᠣᠨᠢᠨ ᠮᠡᠳᠡᠭᠡᠨ ᠤ ᠠᠵᠢᠯᠲᠠᠳ ᠤᠨ ᠨᠡᠶᠢᠭᠡᠮᠯᠢᠭ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ | ᠭᠤᠣᠯ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠵᠤ᠂ ᠤᠬᠠᠭᠤᠯᠭ᠎ᠠ ᠮᠡᠳᠡᠭᠡᠯᠡᠯ ᠢ ᠴᠢᠩᠭᠠᠳᠬᠠᠵᠤ᠂ ᠨᠠᠮ ᠤᠨ ᠰᠢᠨ᠎ᠡ ᠶᠢ | ᠡᠭᠦᠳᠦᠭᠰᠡᠨ ᠣᠨᠣᠯ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠬᠦ᠂ | ᠬᠥᠮᠥᠰ ᠤᠨ ᠰᠡᠳᠬᠢᠯ ᠳᠤ ᠭᠦᠨᠵᠡᠭᠡᠶᠢᠷᠡᠬᠦ ᠶᠢ ᠠᠬᠢᠭᠤᠯᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠳᠤ ᠪᠠᠲᠤ | ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠴᠢᠳᠠᠯ ᠬᠠᠩᠭᠠᠵᠤ ᠪᠠᠶᠢᠨ᠎ᠠ | ᠃ | | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ︶ |