ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/8/17
    ᠡᠯ᠎ᠡ ᠭᠠᠵᠠᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠨᠠᠷᠢᠨ ᠬᠢᠨᠠᠮᠠᠭᠠᠢ ᠠᠬᠢᠭᠤᠯᠵᠤ ᠪᠤᠢ         ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠰᠠᠨ ᠤ ᠳᠠᠷᠠᠭ᠎ᠠ᠂ ᠡᠯ᠎ᠡ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠲᠥᠯᠥᠪᠵᠢᠭᠦᠯᠵᠦ᠂ ᠭᠤᠣᠯ ᠰᠡᠳᠦᠪᠲᠦ ᠬᠥᠮᠦᠵᠢᠯ ᠤᠨ ᠡᠭᠦᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠬᠦᠴᠦᠯᠡᠨ ᠰᠠᠶᠢᠲᠤᠷ ᠠᠳᠬᠤᠵᠤ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ ᠪᠠᠶᠢᠨ᠎ᠠ᠃         ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠵᠧᠵᠢᠶᠠᠩ ᠮᠤᠵᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠢ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠰᠢᠨᠵᠢᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠢᠮᠠᠭᠲᠠ ᠲᠤᠭᠤᠰᠢᠯᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠡᠭᠦᠨ ᠤ ᠬᠠᠮᠲᠤ ᠦᠢᠯᠡᠳᠦᠯᠭᠡ ᠶᠢ ᠴᠢᠬᠤᠯᠠᠴᠢᠯᠠᠬᠤ ᠪᠠ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠶᠢ ᠬᠠᠷᠢᠯᠴᠠᠨ ᠠᠬᠢᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠭᠤᠣᠯ ᠠᠵᠢᠯ ᠢ ᠠᠬᠢᠭᠤᠯᠬᠤ ᠯᠤᠭ᠎ᠠ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠠᠭᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃         ᠬᠠᠶᠢᠨᠠᠨ ᠳᠤ᠂ 4 ᠰᠠᠷ᠎ᠠ ᠶᠢᠨ 18᠎ ᠤ ᠡᠳᠦᠷ ᠪᠤᠯᠲᠠᠯ᠎ᠠ᠂ ᠪᠦᠭᠦ ᠮᠤᠵᠢ ᠶᠢᠨ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠨᠢᠭᠡᠴᠢ ᠶᠢ ᠪᠦᠭᠦᠨ ᠢ ᠳᠠᠶᠢᠴᠢᠯᠠᠨ ᠪᠠᠶᠢᠷᠢᠯᠠᠭᠤᠯᠵᠤ᠂ ᠭᠤᠣᠯ ᠰᠡᠳᠦᠪᠲᠦ ᠬᠥᠮᠦᠵᠢᠯ ᠯᠠᠪᠳᠠᠭᠤᠨ ᠪᠠᠲᠤᠲᠠᠢ ᠡᠬᠢᠯᠡᠪᠡ᠃ 66 ᠬᠥᠮᠥᠨ ᠢᠶᠠᠷ ᠪᠦᠷᠢᠯᠳᠦᠭᠰᠡᠨ 11 ᠲᠣᠭᠤᠷᠢᠨ ᠵᠢᠯᠤᠭᠤᠳᠬᠤ ᠳᠤᠭᠤᠶᠢᠯᠠᠩ ᠢ ᠲᠣᠮᠢᠯᠠᠵᠤ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠨᠢᠭᠡᠴᠢ ᠶᠢ ᠪᠦᠭᠦᠨ ᠢ ᠪᠦᠷᠬᠦᠭᠦᠯᠪᠡ᠃ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠤᠭ᠎ᠠ ᠠᠪᠬᠤ ᠳᠤᠭᠤᠶᠢᠯᠠᠩ ᠤᠨ ᠳᠡᠳ᠋ ᠳᠠᠷᠤᠭ᠎ᠠ ᠦ᠋ ᠮᠧᠩ ᠱᠧᠩ᠂ ᠲᠣᠭᠤᠷᠢᠨ ᠵᠢᠯᠤᠭᠤᠳᠬᠤ ᠠᠵᠢᠯ ᠳᠤ ᠴᠢᠩᠭ᠎ᠠ ᠪᠣᠳᠠᠲᠠᠢ ᠪᠠᠶᠢᠬᠤ ᠶᠢ ᠪᠠᠷᠢᠮᠲᠠᠯᠠᠵᠤ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠬᠤ᠂ ᠭᠦᠨᠵᠡᠭᠡᠢ ᠪᠠᠶᠢᠴᠠᠭᠠᠨ ᠰᠤᠳᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠰᠢᠨᠵᠢᠵᠦ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ᠂ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠨ᠎ᠠ ᠭᠡᠵᠡᠢ᠃         ᠤᠭ ᠪᠦᠲᠦᠭᠡᠯ ᠢ ᠤᠩᠰᠢᠵᠤ ᠤᠭ ᠵᠣᠬᠢᠶᠠᠯ ᠢ ᠰᠤᠷᠤᠯᠴᠠᠨ ᠤᠭ ᠶᠣᠰᠣ ᠶᠢ ᠣᠶᠢᠯᠠᠭᠠᠭᠰᠠᠨ ᠰᠠᠭᠤᠷᠢᠨ ᠳᠡᠭᠡᠷ᠎ᠡ᠂ ᠡᠯ᠎ᠡ ᠭᠠᠵᠠᠷ ᠤᠨ ᠬᠢᠨ ᠭᠤᠣᠯ ᠰᠡᠳᠦᠪᠲᠦ ᠬᠥᠮᠦᠵᠢᠯ ᠳᠤᠮᠳᠠ ᠶᠡᠷᠦᠩᠬᠡᠢ ᠱᠦᠵᠢ ᠰᠢ ᠶᠢᠨ ᠫᠢᠩ ᠤᠨ ︽ᠠᠷᠠᠳ ᠤᠯᠠᠨ ᠬᠠᠨᠤᠮᠵᠢᠲᠠᠢ ᠪᠠᠶᠢᠬᠤ ᠡᠰᠡᠬᠦ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠯᠡᠬᠦ ᠦᠨᠳᠦᠰᠦᠨ ᠪᠠᠷᠢᠮᠵᠢᠶ᠎ᠠ ᠪᠤᠯᠭᠠᠬᠤ ᠬᠡᠷᠡᠭᠲᠡᠢ︾ ᠭᠡᠬᠦ ᠴᠢᠬᠤᠯᠠ ᠵᠢᠭᠠᠪᠤᠷᠢ ᠶᠢ ᠢᠮᠠᠭᠲᠠ ᠪᠠᠲᠤ ᠴᠡᠭᠡᠵᠢᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠰᠤᠷᠤᠯᠴᠠᠬᠤ ᠬᠡᠷᠡᠭᠯᠡᠬᠦ ᠶᠢ ᠤᠶᠠᠯᠳᠤᠭᠤᠯᠬᠤ᠂ ᠰᠤᠷᠤᠬᠰᠠᠨ ᠢᠶᠠᠨ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ ᠪᠠᠶᠢᠨ᠎ᠠ᠃         ᠬᠤᠨᠠᠨ ᠮᠤᠵᠢ ᠭᠤᠣᠯ ᠰᠡᠳᠦᠪᠲᠦ ᠬᠥᠮᠦᠵᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠨᠠᠮ ᠤᠨ ᠲᠥᠪ ᠬᠤᠷᠢᠶ᠎ᠠ ᠶᠢᠨ ᠲᠣᠭᠲᠠᠭᠠᠭᠰᠠᠨ 12 ᠲᠠᠯ᠎ᠠ ᠶᠢᠨ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠲᠠᠢ ᠬᠠᠷᠭᠤᠭᠤᠯᠵᠤ᠂ 8 ᠶᠡᠭᠡ ᠲᠥᠷᠥᠯ ᠤᠨ ᠪᠠᠶᠢᠴᠠᠭᠠᠨ ᠰᠤᠳᠤᠯᠤᠯᠲᠠ ᠶᠢᠨ ᠭᠤᠣᠯᠳᠠᠯᠭ᠎ᠠ᠂ 38 ᠪᠣᠳᠠᠲᠠᠢ ᠠᠰᠠᠭᠤᠳᠠᠯ ᠢ ᠡᠮᠬᠢᠯᠡᠨ ᠭᠠᠷᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠤᠶᠠᠴᠢᠬᠤ ᠮᠠᠶ᠋ᠢᠭ ᠤᠨ᠂ ᠱᠠᠯᠠᠪᠳᠠᠭᠤᠯᠤᠨ ᠪᠠᠶᠢᠴᠠᠭᠠᠬᠤ ᠮᠠᠶ᠋ᠢᠭ ᠤᠨ᠂ ᠴᠡᠭ ᠲᠤ ᠰᠠᠭᠤᠬᠤ ᠮᠠᠶ᠋ᠢᠭ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠶᠢ ᠱᠠᠭᠠᠷᠳᠠᠪᠠ᠃ ︽ᠪᠢᠳᠡ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠲᠥᠷᠥ ᠶᠢᠨ ᠪᠣᠳᠣᠯᠭ᠎ᠠ ᠶᠢ ᠬᠦᠷᠭᠡᠬᠦ᠂ ᠮᠡᠳᠡᠭᠡ ᠵᠠᠩᠭᠢ ᠶᠢ ᠬᠦᠷᠭᠡᠬᠦ᠂ ᠪᠣᠯᠪᠠᠰᠤᠷᠠᠯ ᠢ ᠬᠦᠷᠭᠡᠬᠦ᠂ ᠦᠨᠳᠦᠰᠦᠨ ᠱᠠᠲᠤᠨ ᠳᠤ ᠦᠢᠯᠡᠴᠢᠯᠡᠭᠡ ᠬᠦᠷᠭᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ︾ ᠭᠡᠵᠦ ᠬᠤᠨᠠᠨ ᠮᠤᠵᠢ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠴᠧᠨ ᠸᠧᠢ ᠫᠢᠩ ᠬᠡᠯᠡᠪᠡ᠃         ᠭᠠᠨᠰᠤ ᠮᠤᠵᠢ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤᠮᠳᠠ ︽ᠦᠵᠡᠯ ᠰᠠᠨᠠᠭ᠎ᠠ ᠪᠠᠨ ᠳᠡᠭᠡᠭᠰᠢᠯᠡᠭᠦᠯᠭᠦ ᠬᠡᠷᠡᠭᠲᠡᠢ᠂ ᠪᠢ ᠶᠠᠭᠤ ᠶᠢ ᠣᠶᠢᠯᠠᠭᠠᠪᠠᠯ ᠵᠣᠬᠢᠬᠤ ᠪᠤᠢ︾᠂ ︽ᠭᠠᠨᠰᠤ ᠶᠢ ᠬᠥᠭᠵᠢᠭᠦᠯᠬᠦ ᠬᠡᠷᠡᠭᠲᠡᠢ᠂ ᠪᠢ ᠶᠠᠭᠤ ᠶᠢ ᠰᠦᠪᠡᠭᠴᠢᠯᠡᠪᠡᠯ ᠵᠣᠬᠢᠬᠤ ᠪᠤᠢ︾᠂ ︽ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠂ ᠪᠢ ᠶᠠᠭᠤ ᠶᠢ ᠬᠢᠪᠡᠯ ᠵᠣᠬᠢᠬᠤ ᠪᠤᠢ︾᠂ ︽ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠂ ᠪᠢ ᠶᠠᠭᠤ ᠶᠢ ᠴᠢᠳᠠᠪᠠᠯ ᠵᠣᠬᠢᠬᠤ ᠪᠤᠢ︾ ᠵᠡᠷᠭᠡ ᠲᠤᠰᠬᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠣᠨᠣᠯ ᠤᠨ ᠰᠤᠷᠤᠯᠴᠠᠯᠭ᠎ᠠ ᠶᠢᠨ ᠵᠣᠭᠰᠣᠴᠠ ᠪᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠭᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠲᠠᠯᠪᠢᠪᠠ᠃         ᠮᠤᠵᠢ ᠶᠢᠨ ᠲᠠᠰ ᠤᠨ ᠤᠳᠤᠷᠢᠳᠬᠤ ᠺᠠᠳ᠋ᠷᠴᠤᠳ ᠤᠨ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠵᠦ᠂ ᠲᠥᠪ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠢ ᠤᠷᠢᠵᠤ ᠲᠤᠰᠬᠠᠢ ᠰᠡᠳᠦᠪ ᠢᠶᠠᠷ ᠵᠢᠯᠣᠭᠤᠳᠤᠮᠵᠢ ᠬᠢᠯᠭᠡᠬᠦ ᠶᠢᠨ ᠬᠠᠮᠲᠤ ᠰᠢᠭᠤᠳ ᠨᠡᠪᠲᠡᠷᠡᠭᠦᠯᠬᠦ ᠭᠡᠯᠪᠡᠷᠢ ᠪᠠᠷ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠨᠢᠭᠡᠴᠢ ᠳᠤ ᠠᠳᠠᠯᠢ ᠠᠯᠬᠤᠮ ᠢᠶᠠᠷ ᠵᠢᠭᠠᠨ ᠰᠤᠷᠭᠠᠯᠲᠠ ᠶᠢ ᠥᠷᠨᠢᠭᠦᠯᠵᠦ᠂ ᠲᠤᠰᠬᠠᠢ ᠰᠡᠳᠦᠪᠲᠦ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠪᠡ ᠁ ᠥᠪᠥᠷ ᠮᠣᠩᠭᠤᠯ ᠤᠨ ᠨᠢᠭᠡᠳᠦᠭᠡᠷ ᠪᠦᠯᠦᠭ ᠤᠨ 161 ᠨᠢᠭᠡᠴᠢ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠨᠢᠭᠡᠨᠲᠡ ᠪᠦᠭᠦ ᠲᠠᠯ᠎ᠠ ᠪᠠᠷ ᠡᠬᠢᠯᠡᠪᠡ᠃ ᠥᠪᠡᠷᠲᠡᠭᠡᠨ ᠵᠠᠰᠠᠬᠤ ᠣᠷᠣᠨ ᠪᠠᠰᠠ ︽ᠪᠦᠭᠦ ᠣᠷᠣᠨ ᠳᠤ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠵᠤ᠂ 4 ᠰᠠᠷ᠎ᠠ ᠶᠢᠨ 23᠎ ᠤ ᠡᠳᠦᠷ ᠪᠤᠯᠲᠠᠯ᠎ᠠ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ 130 ᠨᠢᠭᠡᠴᠢ ᠪᠠᠶᠢᠴᠠᠭᠠᠨ ᠰᠤᠳᠤᠯᠤᠯᠲᠠ ᠬᠢᠬᠦ ᠲᠥᠯᠥᠪᠯᠡᠭᠡ ᠲᠣᠭᠲᠠᠭᠠᠵᠠᠢ᠃         ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠶᠢᠨ ᠲᠥᠯᠥᠭᠡ᠂ ᠨᠢᠩᠰᠢᠶᠠ ᠶᠢᠨ ᠎ ᠬᠢᠨ ᠦᠨᠡᠨ ᠬᠦ ᠰᠤᠷᠤᠯᠴᠠᠨ ᠪᠣᠳᠠᠲᠠᠢ ᠠᠵᠢᠯᠯᠠᠬᠤ ᠳᠡᠭᠡᠷ᠎ᠡ ᠬᠦᠴᠦ ᠲᠠᠯᠪᠢᠵᠤ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠢᠯᠡᠭᠦᠬᠡᠨ ᠰᠡᠳᠬᠢᠵᠦ ᠢᠯᠡᠭᠦᠬᠡᠨ ᠪᠤᠳᠤᠵᠤ᠂ ᠭᠦᠨᠵᠡᠭᠡᠢ ᠰᠤᠷᠤᠯᠴᠠᠨ ᠲᠤᠭᠤᠰᠢᠲᠠᠢ ᠣᠶᠢᠯᠠᠭᠠᠬᠤ ᠶᠢ ᠪᠠᠷᠢᠮᠲᠠᠯᠠᠵᠤ᠂ ᠰᠤᠷᠤᠯᠴᠠᠨ ᠪᠠᠶᠢᠴᠠᠭᠠᠨ ᠰᠤᠳᠤᠯᠬᠤ ᠳᠤᠮᠳᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠪᠠ᠃ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠡᠯᠲᠡᠰ ᠤᠨ ᠶᠠᠪᠤᠳᠠᠯ ᠤᠨ ᠭᠡᠰᠢᠭᠦᠨ ᠸᠠᠨ ᠢᠦᠢ ᠵᠦᠩ᠄︽ᠪᠢᠳᠡ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠠᠵᠠ ᠲᠣᠭᠢᠶᠠᠯ ᠪᠣᠯᠭᠠᠨ ᠴᠢᠨᠠᠷ ᠰᠠᠶᠢᠲᠠᠢ ᠬᠥᠭᠵᠢᠯᠲᠡ ᠶᠢ ᠠᠳᠬᠤᠵᠤ᠂ ᠡᠷᠴᠢ ᠵᠣᠷᠢᠭ ᠢᠶᠠᠨ ᠬᠥᠪᠴᠢᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠲᠦᠷᠭᠡᠳᠬᠡᠨ ᠪᠠᠶᠢᠭᠤᠯᠤᠨ᠎ᠠ︾ ᠭᠡᠪᠡ᠃          ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ︶    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号