ᠨᠢᠭᠡ ᠰᠡᠳᠬᠢᠯ ᠨᠡᠶᠢᠳᠡ ᠶᠢᠨ ᠬᠦᠴᠦᠨ ᠢᠶᠠᠷ ᠬᠥᠭᠵᠢᠯᠲᠡ ᠶᠢ ᠠᠬᠢᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ
ᠨᠡᠶᠢᠲᠡᠯᠡᠭᠰᠡᠨ ᠴᠠᠭ᠄
2023/8/17
        - ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ         ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠰᠠᠨ ᠠᠴᠠ ᠨᠠᠭᠠᠰᠢ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠪᠠ᠃         ᠤᠨᠤᠯ ᠤᠨ ᠲᠠᠯ᠎ᠠ ᠪᠠᠷ ᠰᠡᠷᠭᠡᠭ ᠪᠠᠶᠢᠪᠠᠯ ᠤᠯᠤᠰ ᠲᠦᠷᠦ ᠶᠢᠨ ᠲᠠᠯ᠎ᠠ ᠪᠠᠷ ᠰᠠᠶ᠋ᠢ ᠡᠷᠡᠰ ᠪᠠᠲᠤ ᠪᠠᠶᠢᠵᠤ ᠴᠢᠳᠠᠨ᠎ᠠ᠃ ᠭᠤᠣᠯ ᠰᠡᠳᠦᠪᠲᠦ ᠬᠥᠮᠦᠵᠢᠯ ᠳᠤᠮᠳᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠠᠷᠭ᠎ᠠ ᠭᠡᠯᠪᠡᠷᠢ ᠪᠠᠨ ᠰᠢᠨᠡᠴᠢᠯᠡᠵᠦ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠤᠨᠤᠯ ᠤᠨ ᠰᠤᠷᠤᠯᠴᠠᠯᠭ᠎ᠠ ᠥᠷᠨᠢᠭᠦᠯᠵᠦ᠂ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ᠂ ᠪᠣᠳᠠᠲᠠᠶᠢᠵᠢᠭᠤᠯᠬᠤ᠂ ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠪᠠ᠃         ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠠᠮᠤᠨ ᠭᠤᠣᠯᠳᠠᠯᠭ᠎ᠠ ᠲᠠᠢ ᠰᠤᠳᠤᠯᠤᠨ ᠤᠩᠰᠢᠬᠤ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠭᠤᠣᠯ ᠰᠡᠳᠦᠪᠲᠦ ᠨᠠᠮ ᠤᠨ ᠡᠳᠦᠷ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ ᠵᠡᠷᠭᠡ ᠣᠯᠠᠨ ᠵᠦᠢᠯ ᠤᠨ ᠠᠭᠤᠯᠭ᠎ᠠ ᠶᠢ ᠲᠣᠬᠢᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯ ᠢ ᠵᠢᠯᠣᠭᠤᠳᠤᠨ ᠠᠬᠢᠭᠤᠯᠬᠤ ᠴᠢᠳᠠᠪᠤᠷᠢ ᠪᠠ ᠲᠦᠪᠰᠢᠨ ᠢ ᠲᠠᠰᠤᠷᠠᠯᠲᠠ ᠦᠭᠡᠢ ᠴᠢᠩᠭᠠᠳᠬᠠᠪᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠣᠨᠣᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠬᠤ ᠂ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠪᠠᠷ ᠴᠢᠷᠮᠠᠶᠢᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠣᠯᠠᠨ ᠲᠠᠰ ᠳᠠᠪᠬᠤᠷᠭ᠎ᠠ ᠶᠢᠨ᠂ ᠪᠦᠭᠦᠨ ᠢ ᠬᠠᠮᠤᠷᠤᠭᠰᠠᠨ ᠣᠨᠣᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠭ ᠪᠦᠲᠦᠭᠡᠯ ᠢ ᠤᠩᠰᠢᠵᠤ ᠤᠭ ᠵᠣᠬᠢᠶᠠᠯ ᠢ ᠰᠤᠷᠤᠯᠴᠠᠵᠤ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠭᠦᠨᠵᠡᠭᠡᠢ ᠰᠤᠷᠤᠯᠴᠠᠨ ᠣᠶᠢᠯᠠᠭᠠᠪᠠ᠃         ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠨᠠᠷᠢᠨ ᠲᠠᠩᠰᠠ ᠶᠢ ᠪᠠᠶᠢᠭᠤᠯᠵᠤ᠂ ᠨᠢᠭᠡ ᠪᠦᠯᠦᠭ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠥᠭᠵᠢᠯᠲᠡ ᠶᠢᠨ ᠬᠡᠷᠡᠭᠴᠡᠭᠡ᠂ ᠥᠭᠡᠷᠡᠴᠢᠯᠡᠯᠲᠡ ᠶᠢᠨ ᠪᠠᠴᠢᠮ ᠱᠠᠭᠠᠷᠳᠠᠯᠭ᠎ᠠ᠂ ᠦᠨᠳᠦᠰᠦᠨ ᠱᠠᠲᠤᠨ ᠤ ᠬᠦᠰᠡᠯ ᠡᠷᠡᠮᠡᠯᠵᠡᠯ᠂ ᠠᠷᠠᠳ ᠤᠨ ᠰᠡᠳᠬᠢᠯ ᠤᠨ ᠬᠠᠨᠳᠤᠰᠢ ᠶᠢᠨ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠪᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠭᠤᠣᠯᠳᠠᠯᠭ᠎ᠠ ᠶᠢ ᠳᠣᠪᠤᠶᠢᠯᠭᠠᠵᠤ᠂ ᠭᠤᠣᠯ ᠰᠡᠳᠦᠪᠲᠦ ᠬᠥᠮᠦᠵᠢᠯ ᠢ ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠡᠷᠡᠰ ᠭᠤᠶᠢᠪᠢᠰᠢ ᠦᠭᠡᠢ ᠪᠠᠷ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠲᠠᠢ ᠤᠶᠠᠯᠳᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠪᠠᠲᠤᠲᠠᠢ ᠦᠢᠯᠡᠳᠦᠯᠭᠡᠵᠢᠭᠦᠯᠬᠦ ᠳᠤᠮᠳᠠ ᠤᠨᠤᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠬᠠᠮᠰᠠᠷ ᠢᠶᠠᠨ ᠳᠡᠭᠡᠭᠰᠢᠯᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠦᠷ᠎ᠡ ᠪᠦᠲᠦᠭᠡᠯ ᠢᠶᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠵᠠᠳᠠᠯᠤᠨ ᠰᠢᠢᠳᠪᠦᠷᠢᠯᠡᠬᠦ ᠳᠤ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃         ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠳᠡᠮᠵᠢᠬᠦ ᠵᠡᠷᠭᠡ ᠭᠤᠣᠯ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠪᠡ᠃ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠳᠣᠪᠤᠶᠢᠯᠭᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠳᠣᠪᠤᠶᠢᠯᠭᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠦᠭᠰᠢᠭᠦᠷᠢ ᠶᠢ ᠰᠡᠷᠭᠡᠶᠢᠯᠡᠬᠦ ᠶᠢ ᠳᠣᠪᠤᠶᠢᠯᠭᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠣᠪᠤᠶᠢᠯᠭᠠᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠰᠥᠪᠯᠡᠨ ᠠᠬᠢᠭᠤᠯᠪᠠ᠃         ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠵᠤ ᠦᠨᠳᠦᠰᠦ ᠶᠢ ᠪᠠᠬᠢᠵᠢᠭᠦᠯᠵᠦ᠂ ᠪᠣᠳᠠᠲᠠᠢ ᠠᠵᠢᠯᠯᠠᠨ ᠪᠠᠲᠤᠲᠠᠢ ᠦᠢᠯᠡᠳᠦᠯᠭᠡᠵᠢᠭᠦᠯᠵᠦ ᠡᠭᠦᠷᠭᠡᠯᠡᠯ ᠢᠶᠠᠨ ᠢᠯᠡᠷᠡᠭᠦᠯᠪᠡ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠣᠨᠣᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠵᠡᠷᠭᠡ ᠶᠢᠨ ᠲᠣᠭᠤᠷᠢᠨ ᠳᠤ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠪᠠᠶᠢᠭᠤᠯᠵᠤ᠂ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ 28 ᠵᠦᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠪᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠵᠤ᠂ ᠵᠥᠷᠢᠶ᠎ᠡ ᠪᠠᠨ ᠡᠷᠢᠵᠦ᠂ ᠴᠢᠭᠯᠡᠯ ᠢᠶᠠᠨ ᠲᠣᠳᠣᠷᠬᠠᠶᠢᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠬᠤ ᠪᠠᠷ ᠴᠢᠷᠮᠠᠶᠢᠪᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠤᠳᠤᠯᠬᠤ ᠲᠠᠰᠤᠭ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠢᠴᠡᠳ ᠢᠯᠡᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠢᠴᠡᠳ ᠢᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ᠂ ᠠᠵᠢᠯ ᠤᠨ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃         ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠨ ᠭᠤᠣᠯ ᠰᠡᠳᠦᠪᠲᠦ ᠬᠥᠮᠦᠵᠢᠯ ᠪᠣᠯᠣᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠣᠷᠭᠠᠨᠢᠭ ᠢᠶᠠᠷ ᠠᠭᠤᠰᠤᠯᠴᠠᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠣᠯᠣᠨ ᠬᠤᠰᠢᠭᠤᠷᠠᠯ ᠴᠢᠭᠯᠡᠯ ᠎ ᠳᠤ ᠬᠠᠨᠳᠤᠭᠤᠯᠵᠤ᠂ ᠨᠢᠭᠡ ᠪᠦᠯᠦᠭ ᠬᠤᠰᠢᠭᠤᠴᠢ ᠲᠤᠰᠬᠠᠢ ᠲᠦᠷᠦᠯ ᠵᠦᠢᠯ ᠢ ᠲᠣᠭᠲᠠᠭᠠᠬᠤ ᠠᠵᠢᠯ ᠢ ᠠᠬᠢᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠪᠣᠯᠣᠨ ᠤᠷᠢᠳᠠᠴᠢ ᠴᠢᠨᠠᠷᠲᠠᠢ ᠰᠤᠳᠤᠯᠭᠠᠨ ᠢ ᠴᠢᠩᠭᠠᠳᠬᠠᠪᠠ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠭᠤᠣᠯ ᠰᠡᠳᠦᠪᠲᠦ ᠬᠥᠮᠦᠵᠢᠯ ᠤᠨ ᠳᠤᠮᠳᠠ ᠡᠷᠡᠮᠡᠬᠡᠶᠢᠯᠡᠨ ᠳᠠᠪᠰᠢᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠬᠡᠨ ᠠᠪᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠯᠠᠪᠯᠠᠭ᠎ᠠ ᠶᠢ ᠴᠢᠩᠭᠠᠳᠬᠠᠵᠤ᠂ ᠨᠠᠮ ᠪᠣᠯᠣᠨ ᠤᠯᠤᠰ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠤᠶᠤᠨ ᠤ ᠳᠡᠮᠵᠢᠯᠭᠡ ᠬᠠᠩᠭᠠᠪᠠ᠃         ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠯ᠎ᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠬᠥᠭᠦᠷᠭᠡ ᠬᠤᠯᠪᠣᠭᠠᠰᠤ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠭᠤᠣᠯ ᠰᠡᠳᠦᠪᠲᠦ ᠬᠥᠮᠦᠵᠢᠯ ᠤᠨ ᠳᠤᠮᠳᠠ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠲᠤ ᠪᠣᠳᠠᠲᠤ ᠶᠠᠪᠤᠳᠠᠯ ᠬᠢᠵᠦ ᠥᠭᠭᠦᠨ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠪᠡ᠃ ᠳᠤᠮᠳᠠᠳᠤ ᠤᠯᠤᠰ ᠤᠨ ᠠᠷᠠᠳ ᠤᠨ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ︽ᠤᠷᠢᠵᠤ ᠠᠪᠴᠢᠷᠠᠬᠤ᠂ ᠭᠠᠳᠠᠭᠰᠢ ᠭᠠᠷᠬᠤ︾ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠢ ᠤᠬᠠᠭᠤᠯᠤᠨ ᠲᠠᠨᠢᠯᠴᠠᠭᠤᠯᠵᠤ᠂ ᠳᠤᠮᠳᠠᠳᠤ ᠭᠠᠳᠠᠭᠠᠳᠤ ᠶᠢᠨ ᠬᠠᠷᠢᠯᠴᠠᠭᠠᠨ ᠤ ᠠᠷᠠᠳ ᠤᠨ ᠰᠠᠨᠠᠭᠠᠨ ᠤ ᠰᠠᠭᠤᠷᠢ ᠶᠢ ᠪᠠᠲᠤᠳᠬᠠᠪᠠ᠃ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭᠠᠲᠤ ᠬᠤᠷᠠᠯ ᠨᠢ ᠵᠡᠮᠳᠡᠭᠴᠦᠳ ᠤᠨ ︽ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢᠶᠠᠷ ᠵᠢᠯᠣᠭᠤᠳᠤᠮᠵᠢ ᠪᠤᠯᠭᠠᠵᠤ᠂ ᠭᠤᠣᠯᠳᠠᠯᠭ᠎ᠠ ᠲᠠᠢ ᠠᠵᠢᠯ ᠢ ᠣᠨᠢᠨ ᠳᠡᠭᠡᠷ᠎ᠡ ᠨᠢ ᠬᠦᠴᠦᠯᠡᠵᠦ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃          ︵ᠰᠢᠨᠬᠤᠸᠠ ᠬᠤᠷᠢᠶ᠎ᠠ ᠶᠢᠨ ᠪᠡᠭᠡᠵᠢᠩ ‍ᠤᠨ‌‍ᠴᠠᠭᠢᠯᠭᠠᠨ ᠮᠡᠳᠡᠭᠡ︶    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号