| | | | | | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ 4 ᠰᠠᠷ᠎ᠠ ᠶᠢᠨ 26 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠶᠤᠰᠤᠭᠠᠷ ᠦᠺᠷᠠᠶᠢᠨ ᠤ ᠶᠡᠷᠦᠩᠬᠡᠶᠢᠯᠡᠭᠴᠢ | ᠽᠧᠯᠢᠶᠠᠨᠰᠺᠢ ᠲᠠᠢ ᠤᠲᠠᠰᠤ ᠪᠠᠷ ᠶᠠᠷᠢᠯᠴᠠᠪᠠ᠃ ᠬᠤᠶᠠᠷ ᠲᠠᠯ᠎ᠠ ᠪᠠᠷ ᠢᠶᠠᠨ ᠳᠤᠮᠳᠠᠳᠤ ᠦᠺᠷᠠᠶᠢᠨ ᠤ ᠬᠠᠷᠢᠯᠴᠠᠭ᠎ᠠ ᠪᠣᠯᠤᠨ | ᠦᠺᠷᠠᠶᠢᠨ ᠤ ᠬᠢᠮᠤᠷᠠᠯ ᠤᠨ ᠲᠤᠬᠠᠶ ᠰᠠᠨᠠᠯ ᠢᠶᠠᠨ ᠰᠣᠯᠢᠯᠴᠠᠵᠠᠶ᠃ | ᠰᠢ ᠶᠢᠨ ᠫᠢᠩ᠂ ᠳᠤᠮᠳᠠᠳᠤ ᠦᠺᠷᠠᠶᠢᠨ ᠤ ᠬᠠᠷᠢᠯᠴᠠᠭ᠎ᠠ 31 ᠵᠢᠯ ᠤᠨ ᠬᠥᠭᠵᠢᠯᠲᠡ ᠶᠢᠨ ᠶᠠᠪᠤᠴᠠ ᠶᠢ ᠥᠩᠭᠡᠷᠡᠭᠡᠵᠦ | ᠂ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠦᠪᠰᠢᠨ ᠳᠤ ᠬᠦᠷᠴᠦ᠂ ᠬᠤᠶᠠᠷ ᠤᠯᠤᠰ ᠤᠨ ᠲᠤᠰ | ᠲᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠪᠡ᠃ ᠪᠢ ᠶᠡᠷᠦᠩᠬᠡᠶᠢᠯᠡᠭᠴᠢ ᠽᠧᠯᠢᠶᠠᠨᠰᠺᠢ ᠶᠢᠨ ᠤᠯᠠᠨ ᠤᠳᠠᠭ᠎ᠠ | ᠳᠤᠮᠳᠠᠳᠤ ᠦᠺᠷᠠᠶᠢᠨ ᠤ ᠬᠠᠷᠢᠯᠴᠠᠭ᠎ᠠ ᠪᠣᠯᠤᠨ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠴᠢᠬᠤᠯᠠᠴᠢᠯᠠᠨ ᠦᠵᠡᠵᠦ | ᠪᠠᠶᠢᠬᠤ ᠪᠠᠨ ᠢᠯᠡᠳᠭᠡᠭᠰᠡᠨ ᠢ ᠮᠠᠭᠲᠠᠨ ᠰᠠᠶᠢᠰᠢᠶᠠᠵᠤ ᠪᠠᠶᠢᠨ᠎ᠠ᠂ ᠦᠺᠷᠠᠶᠢᠨ ᠤ ᠲᠠᠯ᠎ᠠ ᠶᠢᠨ ᠬᠢᠨ ᠨᠢᠳᠤᠨᠤᠨ ᠳᠤᠮᠳᠠᠳᠤ | ᠤᠯᠤᠰ ᠤᠨ ᠠᠷᠠᠳ ᠢᠷᠭᠡᠨ ᠤ ᠥᠺᠷᠡᠶᠢᠨ ᠠᠴᠠ ᠤᠬᠤᠷᠢᠨ ᠭᠠᠷᠬᠤ ᠳᠤ ᠬᠦᠴᠦᠲᠡᠢ ᠬᠠᠪᠰᠤᠷᠤᠯᠭ᠎ᠠ ᠦᠵᠡᠭᠦᠯᠦᠭᠰᠡᠨ ᠳᠤ | ᠲᠠᠯᠠᠷᠬᠠᠵᠤ ᠪᠠᠶᠢᠨ᠎ᠠ᠃ ᠡᠷᠬᠡ ᠮᠡᠳᠡᠯ ᠪᠠ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠠᠷᠢᠯᠴᠠᠨ ᠬᠦᠨᠳᠦᠳᠭᠡᠬᠦ | ᠪᠣᠯ ᠳᠤᠮᠳᠠᠳᠤ ᠦᠺᠷᠠᠶᠢᠨ ᠤ ᠬᠠᠷᠢᠯᠴᠠᠭᠠᠨ ᠤ ᠤᠯᠤᠰ ᠲᠥᠷᠥ ᠶᠢᠨ ᠰᠠᠭᠤᠷᠢ ᠮᠥᠨ᠃ ᠬᠤᠶᠠᠷ ᠲᠠᠯ᠎ᠠ ᠪᠠᠷ ᠢᠶᠠᠨ | ᠢᠷᠡᠭᠡᠳᠦᠢ ᠳᠤ ᠬᠠᠨᠳᠤᠵᠤ᠂ ᠠᠯᠤᠰ ᠬᠡᠳᠤ ᠶᠢᠨ ᠬᠠᠷᠠᠭᠠᠰᠤ ᠠᠴᠠ ᠬᠤᠶᠠᠷ ᠤᠯᠤᠰ ᠤᠨ ᠬᠠᠷᠢᠯᠴᠠᠭ᠎ᠠ ᠳᠤ ᠬᠠᠨᠳᠤᠬᠤ ᠪᠠ | ᠲᠥᠯᠥᠪᠵᠢᠭᠦᠯᠵᠦ᠂ ᠬᠤᠶᠠᠷ ᠲᠠᠯ᠎ᠠ ᠶᠢᠨ ᠬᠠᠷᠢᠯᠴᠠᠨ ᠬᠦᠨᠳᠦᠳᠭᠡᠬᠦ᠂ ᠦᠨᠡᠨᠴᠢ ᠪᠠᠷ ᠬᠠᠨᠳᠤᠬᠤ ᠤᠯᠠᠮᠵᠢᠯᠠᠯ ᠢᠶᠠᠨ | ᠦᠷᠭᠦᠯᠵᠢᠯᠡᠭᠦᠯᠵᠦ᠂ ᠳᠤᠮᠳᠠᠳᠤ ᠦᠺᠷᠠᠶᠢᠨ ᠤ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠤᠷᠤᠬᠰᠢ | ᠬᠥᠭᠵᠢᠬᠦ ᠶᠢ ᠠᠬᠢᠭᠤᠯᠤᠶ᠎ᠡ᠃ ᠲᠤᠮᠳᠠᠳᠤ ᠦᠺᠷᠠᠶᠢᠨ ᠤ ᠬᠠᠷᠢᠯᠴᠠᠭ᠎ᠠ ᠶᠢ ᠬᠥᠭᠵᠢᠭᠦᠯᠬᠦ ᠲᠤᠬᠠᠢ ᠳᠤᠮᠳᠠᠳᠤ ᠤᠯᠤᠰ ᠤᠨ | ᠵᠤᠷᠢᠯᠳᠠ ᠪᠣᠯ ᠢᠮᠠᠭᠲᠠ ᠶᠢᠨ ᠪᠥᠭᠡᠳ ᠲᠣᠳᠣᠷᠬᠠᠶ ᠶᠤᠮ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ | ᠳᠤᠮᠳᠠᠳᠤ ᠤᠯᠤᠰ ᠳᠤᠷᠠᠲᠠᠶ᠎ᠠ ᠦᠺᠷᠠᠶᠢᠨ ᠤ ᠬᠢᠨ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠶᠢ ᠤᠷᠤᠬᠰᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠦᠺᠷᠠᠶᠢᠨ ᠤ ᠬᠢᠮᠤᠷᠠᠯ ᠨᠠᠷᠢᠨ ᠪᠤᠳᠤᠯᠢᠶᠠᠨᠲᠠᠢ ᠬᠤᠪᠢᠷᠠᠯᠲᠠ ᠭᠠᠷᠴᠤ᠂ ᠳᠡᠯᠡᠬᠡᠢ ᠶᠢᠨ ᠪᠠᠶᠢᠳᠠᠯ ᠳᠤ | ᠴᠢᠬᠤᠯᠠ ᠶᠡᠭᠡ ᠨᠥᠯᠦᠭᠡ ᠦᠵᠡᠭᠦᠯᠪᠡ᠃ ᠦᠺᠷᠠᠶᠢᠨ ᠤ ᠬᠢᠮᠤᠷᠠᠯ ᠤᠨ ᠠᠰᠠᠭᠤᠳᠠᠯ ᠳᠡᠭᠡᠷ᠎ᠡ᠂ ᠳᠤᠮᠳᠠᠳᠤ ᠤᠯᠤᠰ ᠢᠮᠠᠭᠲᠠ | ᠡᠩᠬᠡ ᠲᠠᠶᠢᠪᠤᠩ ᠤᠨ ᠲᠠᠯ᠎ᠠ ᠳᠤ ᠵᠣᠭᠰᠣᠵᠤ᠂ ᠭᠤᠣᠯ ᠪᠣᠯᠬᠤ ᠵᠣᠭᠰᠣᠯᠲᠠ ᠪᠣᠯ ᠢᠳᠬᠠᠨ ᠡᠪᠰᠡᠭᠦᠯᠵᠦ ᠬᠡᠯᠡᠯᠴᠡᠭᠡ ᠬᠢᠯᠭᠡᠬᠦ | ᠶᠠᠪᠤᠳᠠᠯ ᠪᠣᠯᠤᠨ᠎ᠠ᠃ ᠪᠢ ︽ᠲᠦᠷᠪᠡᠨ ᠡᠷᠬᠡᠪᠰᠢ︾᠂ ︽ᠲᠦᠷᠪᠡᠨ ᠬᠠᠮᠲᠤ ᠪᠠᠷ︾ ᠪᠠ ︽ᠭᠤᠷᠪᠠᠨ ᠪᠣᠳᠣᠯᠬᠢᠯᠠᠯ︾ ᠢ | ᠤᠷᠢᠳ ᠬᠤᠵᠢᠳ ᠳᠤᠷᠠᠳᠪᠠ᠃ ᠳᠤᠮᠳᠠᠳᠤ ᠤᠯᠤᠰ ᠪᠠᠰᠠ ᠡᠨᠡ ᠬᠦ ᠰᠠᠭᠤᠷᠢᠨ ᠳᠡᠭᠡᠷ᠎ᠡ ︽ᠦᠺᠷᠠᠶᠢᠨ ᠤ ᠬᠢᠮᠤᠷᠠᠯ ᠢ | ᠤᠯᠤᠰ ᠲᠥᠷᠥ ᠪᠠᠷ ᠰᠢᠢᠳᠪᠦᠷᠢᠯᠡᠬᠦ ᠲᠤᠬᠠᠶ ᠳᠤᠮᠳᠠᠳᠤ ᠤᠯᠤᠰ ᠤᠨ ᠵᠣᠭᠰᠣᠯᠲᠠ︾ ᠭᠡᠬᠦ ᠪᠢᠴᠢᠭ ᠮᠠᠲ᠋ᠧᠷᠢᠶᠠᠯ ᠢ | ᠨᠡᠶᠢᠲᠡᠯᠡᠵᠡᠶ᠃ ᠳᠤᠮᠳᠠᠳᠤ ᠤᠯᠤᠰ ᠪᠣᠯ ᠦᠺᠷᠠᠶᠢᠨ ᠤ ᠬᠢᠮᠤᠷᠠᠯ ᠢ ᠪᠤᠶ ᠪᠣᠯᠭᠠᠭᠰᠠᠳ ᠪᠢᠰᠢ᠂ ᠲᠤᠬᠠᠶ ᠶᠢᠨ ᠲᠠᠯ᠎ᠠ ᠶᠢᠨ ᠬᠢᠨ | ᠴᠦ ᠪᠢᠰᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯᠬᠦᠢ ᠶᠢᠨ ᠵᠥᠪᠯᠡᠯ ᠤᠨ ᠪᠠᠶᠢᠩᠭᠤ ᠶᠢᠨ ᠬᠡᠷᠡᠭ | ᠡᠷᠬᠢᠯᠡᠭᠴᠢ ᠤᠯᠤᠰ ᠪᠠ ᠬᠠᠷᠢᠭᠤᠴᠠᠯᠭ᠎ᠠ ᠲᠠᠢ ᠶᠡᠭᠡ ᠤᠯᠤᠰ ᠪᠣᠯᠤᠭᠰᠠᠨ ᠤ ᠬᠤᠪᠢ ᠳᠤ᠂ ᠪᠢᠳᠡ ᠬᠠᠷᠠᠵᠤ ᠪᠠᠶᠢᠭᠠᠳ | ᠬᠠᠶᠢᠬᠤᠷᠬᠤ ᠦᠭᠡᠢ ᠪᠠᠶᠢᠵᠤ ᠴᠢᠲᠠᠬᠤ ᠦᠭᠡᠢ ᠪᠥᠭᠡᠳ ᠨᠤᠴᠤᠭᠰᠠᠨ ᠭᠠᠯ ᠲᠡᠭᠡᠷ᠎ᠡ ᠲᠤᠰᠤ ᠨᠡᠮᠡᠬᠦ ᠦᠭᠡᠢ᠂ ᠨᠡᠩ ᠴᠤ | ᠵᠠᠪᠰᠢᠶᠠᠨ ᠢ ᠳᠠᠯᠢᠮᠳᠠᠭᠤᠯᠤᠨ ᠠᠰᠢᠭ ᠤᠯᠬᠤ ᠶᠠᠪᠤᠳᠠᠯ ᠬᠢᠬᠦ ᠦᠭᠡᠢ ᠶᠤᠮ᠃ ᠳᠤᠮᠳᠠᠳᠤ ᠶᠢᠨ ᠲᠠᠯ᠎ᠠ ᠶᠢᠨ ᠦᠢᠯᠡ | ᠠᠵᠢᠯᠯᠠᠭ᠎ᠠ ᠲᠥᠪ ᠴᠢᠭᠡᠴᠢ ᠪᠠᠶᠢᠳᠠᠭ᠃ ᠶᠠᠷᠢᠯᠴᠠᠭ᠎ᠠ ᠬᠡᠯᠡᠯᠴᠡᠭᠡ ᠬᠢᠬᠦ ᠪᠣᠯ ᠴᠤᠷ ᠤᠨ ᠭᠠᠭᠴᠠ ᠭᠠᠷᠬᠤ ᠵᠠᠮ ᠮᠥᠨ᠃ | ᠴᠥᠮ᠎ᠡ ᠶᠢᠨ ᠳᠠᠶᠢᠨ ᠳᠤ ᠢᠯᠠᠭᠴᠢ ᠪᠠᠶᠢᠬᠤ ᠦᠭᠡᠢ᠃ ᠴᠥᠮ᠎ᠡ ᠶᠢᠨ ᠠᠰᠠᠭᠤᠳᠠᠯ ᠳᠤ ᠬᠠᠨᠳᠤᠬᠤ ᠳᠠᠭᠠᠨ ᠬᠤᠯᠪᠣᠭᠳᠠᠯ | ᠪᠦᠬᠦᠢ ᠡᠯ᠎ᠡ ᠲᠠᠯ᠎ᠠ ᠶᠢᠨ ᠬᠢᠨ ᠴᠥᠮ ᠯᠠᠪᠳᠠᠭᠤᠨ ᠪᠣᠯᠭᠤᠮᠵᠢᠲᠠᠢ ᠬᠦᠯᠢᠴᠡᠩᠭᠦᠢ ᠪᠠᠶᠢᠵᠤ᠂ ᠲᠤᠰ ᠪᠡᠶ᠎ᠡ ᠪᠠ ᠪᠦᠬᠦ ᠬᠥᠮᠦᠨ | ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠶᠢ ᠦᠨᠡᠨ ᠬᠦ ᠪᠣᠳᠣᠯᠬᠢᠯᠠᠵᠤ᠂ ᠬᠢᠮᠤᠷᠠᠯ ᠢ ᠬᠠᠮᠲᠤ ᠪᠠᠷ ᠰᠠᠶᠢᠲᠤᠷ | ᠬᠠᠮᠢᠶᠠᠷᠤᠨ ᠡᠵᠡᠮᠳᠡᠪᠡᠯ ᠵᠤᠬᠢᠨ᠎ᠠ᠃ ᠤᠳᠤ ᠡᠯ᠎ᠡ ᠲᠠᠯ᠎ᠠ ᠶᠢᠨ ᠤᠶᠤᠨᠯᠢᠬ ᠪᠣᠳᠣᠯᠬᠢᠯᠠᠯ ᠪᠠ ᠳᠠᠭᠤᠨ ᠨᠡᠮᠡᠭᠳᠡᠵᠦ ᠪᠠᠶᠢᠨ᠎ᠠ᠂ | ᠡᠨᠡ ᠬᠦ ᠲᠣᠬᠢᠶᠠᠯ ᠢ ᠠᠮᠵᠢᠨ᠂ ᠬᠢᠮᠤᠷᠠᠯ ᠤᠨ ᠤᠯᠤᠰ ᠲᠦᠷᠦ ᠶᠢᠨ ᠰᠢᠢᠳᠪᠦᠷᠢᠯᠡᠯᠲᠡ ᠳᠤ ᠠᠰᠢᠭᠲᠠᠢ ᠨᠥᠬᠦᠴᠡᠯ | ᠬᠤᠷᠠᠮᠳᠤᠭᠤᠯᠵᠤ ᠥᠭᠪᠡᠯ ᠵᠤᠬᠢᠨ᠎ᠠ᠃ ᠡᠯ᠎ᠡ ᠲᠠᠯ᠎ᠠ ᠶᠢᠨ ᠬᠢᠨ ᠦᠺᠷᠠᠶᠢᠨ ᠤ ᠬᠢᠮᠤᠷᠠᠯ ᠠᠴᠠ ᠭᠦᠨᠵᠡᠭᠡᠶ ᠲᠤᠩᠭᠠᠨ | ᠪᠣᠳᠣᠯᠬᠢᠯᠠᠵᠤ᠂ ᠶᠠᠷᠢᠯᠴᠠᠭ᠎ᠠ ᠪᠠᠷ ᠳᠠᠮᠵᠢᠭᠤᠯᠤᠨ ᠧᠦ᠋ᠷᠣᠫᠠ ᠲᠢᠪ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠵᠠᠮ ᠢ | ᠬᠠᠮᠲᠤ ᠪᠠᠷ ᠡᠷᠢᠯᠬᠢᠯᠡᠬᠦ ᠶᠢ ᠬᠦᠰᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠡᠪᠰᠡᠭᠦᠯᠬᠦ ᠪᠠᠷ ᠢᠳᠬᠠᠨ ᠬᠡᠯᠡᠯᠴᠡᠭᠡ | ᠬᠢᠬᠦ ᠶᠢ ᠠᠬᠢᠭᠤᠯᠬᠤ ᠶᠢ ᠪᠠᠷᠢᠮᠲᠠᠯᠠᠵᠤ᠂ ᠡᠷᠳᠡᠭᠡᠨ ᠳᠠᠶᠢᠨ ᠵᠣᠭᠰᠣᠬᠤ᠂ ᠡᠩᠬᠡ ᠲᠠᠶᠢᠪᠤᠩ ᠢ ᠰᠡᠷᠭᠦᠭᠡᠬᠦ ᠶᠢᠨ ᠲᠥᠯᠥ᠋ᠭᠡ | ᠥᠪᠡᠷ ᠤᠨ ᠴᠢᠷᠮᠠᠶᠢᠯᠭ᠎ᠠ ᠪᠠᠨ ᠭᠠᠷᠭᠠᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠵᠠᠰᠠᠭ ᠤᠨ | ᠣᠷᠳᠣᠨ ᠤ ᠧᠦ᠋ᠷᠣᠫᠠ ᠠᠽᠢᠶ᠎ᠠ ᠶᠢᠨ ᠬᠡᠷᠡᠭ ᠶᠠᠪᠤᠳᠠᠯ ᠤᠨ ᠣᠨᠴᠠ ᠲᠥᠯᠦᠭᠡᠯᠡᠭᠴᠢ ᠶᠢ ᠲᠣᠮᠢᠯᠠᠨ ᠦᠺᠷᠠᠶᠢᠨ ᠵᠡᠷᠭᠡ | ᠤᠯᠤᠰ ᠲᠤ ᠠᠶᠢᠯᠴᠢᠯᠠᠯᠲᠠ ᠬᠢᠯᠭᠡᠵᠦ᠂ ᠦᠺᠷᠠᠶᠢᠨ ᠤ ᠬᠢᠮᠤᠷᠠᠯ ᠢ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ᠲᠤᠬᠠᠶ | ᠡᠯ᠎ᠡ ᠲᠠᠯ᠎ᠠ ᠶᠢᠨ ᠬᠢᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠨ᠎ᠠ᠃ ᠳᠤᠮᠳᠠᠳᠤ ᠶᠢᠨ ᠲᠠᠯ᠎ᠠ ᠶᠢᠨ ᠬᠢᠨ ᠨᠢᠭᠡᠨᠳᠡ | ᠦᠺᠷᠠᠶᠢᠨ ᠳᠤ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ᠂ ᠳᠤᠷᠠᠲᠠᠶ᠎ᠠ ᠦᠷᠬᠦᠯᠵᠢᠯᠡᠨ ᠠᠯᠢ ᠪᠣᠯᠬᠤᠶᠢᠴᠠ | ᠬᠠᠪᠰᠤᠷᠤᠯᠭ᠎ᠠ ᠬᠠᠩᠭᠠᠨ᠎ᠠ ᠭᠡᠵᠦ ᠵᠢᠭᠠᠵᠤ ᠭᠠᠷᠭᠠᠪᠠ᠃ | ᠽᠧᠯᠢᠶᠠᠨᠰᠺᠢ ᠰᠢ ᠶᠢᠨ ᠫᠢᠩ ᠤᠨ ᠳᠠᠬᠢᠨᠲᠠ ᠲᠡᠷᠢᠭᠦᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠵᠦ᠂ | ᠳᠤᠮᠳᠠᠳᠤ ᠤᠯᠤᠰ ᠤᠨ ᠣᠯᠤᠭᠰᠠᠨ ᠶᠡᠷᠦ ᠪᠤᠰᠤ ᠶᠢᠨ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ᠂ ᠲᠡᠷᠢᠭᠦᠯᠡᠭᠴᠢ | ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠡᠯ᠎ᠡ ᠵᠦᠢᠯ ᠤᠨ ᠥᠷᠢᠰᠥᠯᠳᠦᠭᠡᠨ ᠢ ᠠᠮᠵᠢᠯᠲᠠ ᠲᠠᠢ | ᠠᠷᠭᠠᠴᠠᠭᠠᠵᠤ᠂ ᠦᠷᠭᠦᠯᠵᠢᠯᠡᠨ ᠤᠷᠤᠭᠰᠢ ᠬᠥᠭᠵᠢᠬᠦ ᠶᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠤᠯᠠᠨ ᠤᠯᠤᠰ ᠤᠨ | ᠬᠡᠷᠡᠭ ᠶᠠᠪᠤᠳᠠᠯ ᠳᠤᠮᠳᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠤᠨ ᠵᠣᠷᠢᠯᠲᠠ ᠪᠠ | ᠵᠠᠷᠴᠢᠮ ᠢ ᠪᠠᠷᠢᠮᠲᠠᠯᠠᠵᠤ᠂ ᠤᠯᠠᠨ ᠤᠯᠤᠰ ᠤᠨ ᠲᠠᠪᠴᠠᠩ ᠳᠡᠭᠡᠷ᠎ᠡ ᠯᠤᠲᠤ ᠶᠡᠭᠡ ᠨᠥᠯᠦᠭᠡᠯᠡᠬᠦ ᠬᠦᠴᠦᠨ ᠢᠶᠠᠨ ᠪᠠᠳᠠᠷᠠᠭᠤᠯᠵᠤ | ᠪᠠᠶᠢᠨ᠎ᠠ᠃ ᠦᠺᠷᠠᠶᠢᠨ ᠤ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠬᠢᠴᠢᠶᠡᠩᠭᠦ᠋ᠢᠯᠡᠨ ᠰᠠᠬᠢᠵᠤ᠂ | ᠳᠤᠮᠳᠠᠳᠤ ᠤᠯᠤᠰ ᠯᠤᠭ᠎ᠠ ᠪᠦᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠦᠺᠷᠠᠶᠢᠨ ᠳᠤᠮᠳᠠᠳᠤ ᠶᠢᠨ ᠬᠠᠷᠢᠯᠴᠠᠭ᠎ᠠ ᠶᠢᠨ | ᠰᠢᠨ᠎ᠡ ᠬᠠᠭᠤᠳᠠᠰᠤ ᠶᠢ ᠨᠡᠭᠡᠭᠡᠵᠦ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠲᠣᠭᠲᠠᠭᠤᠨ ᠢ ᠬᠠᠮᠠᠭᠠᠯᠠᠬᠤ ᠪᠠᠷ ᠬᠠᠮᠲᠤ ᠪᠠᠷ | ᠴᠢᠷᠮᠠᠶᠢᠬᠤ ᠶᠢ ᠬᠦᠰᠡᠵᠠᠢ᠃ ᠽᠧᠯᠢᠶᠠᠨᠰᠺᠢ ᠣᠳᠣᠬᠠᠨ ᠤ ᠦᠺᠷᠠᠶᠢᠨ ᠤ ᠬᠢᠮᠤᠷᠠᠯ ᠤᠨ ᠲᠤᠬᠠᠢ ᠦᠵᠡᠯᠲᠡ ᠪᠠᠨ | ᠲᠠᠨᠢᠯᠴᠠᠭᠤᠯᠵᠤ᠂ ᠳᠤᠮᠳᠠᠳᠤ ᠶᠢᠨ ᠲᠠᠯ᠎ᠠ ᠶᠢᠨ ᠬᠢᠨ ᠤ ᠦᠺᠷᠠᠶᠢᠨ ᠳᠤ ᠬᠠᠩᠭᠠᠭᠰᠠᠨ ᠬᠥᠮᠦᠯᠢᠭ ᠦᠵᠡᠯ ᠤᠨ ᠲᠤᠰᠠᠯᠠᠮᠵᠢ ᠳᠤ | ᠲᠠᠯᠠᠷᠬᠠᠵᠤ᠂ ᠳᠤᠮᠳᠠᠳᠤ ᠤᠯᠤᠰ ᠡᠩᠬᠡ ᠲᠠᠶᠢᠪᠤᠩ ᠪᠠᠶᠢᠳᠠᠯ ᠢ ᠰᠡᠷᠭᠦᠭᠡᠬᠦ᠂ ᠭᠠᠳᠠᠭᠠᠳᠤ ᠬᠠᠷᠢᠯᠴᠠᠭᠠᠨ ᠤ ᠠᠷᠭ᠎ᠠ | ᠪᠠᠷᠢᠯ ᠢᠶᠠᠷ ᠬᠢᠮᠤᠷᠠᠯ ᠢ ᠰᠢᠢᠳᠪᠦᠷᠢᠯᠡᠬᠦ ᠳᠤ ᠴᠢᠬᠤᠯᠠ ᠦᠢᠯᠡᠳᠦᠯ ᠦᠵᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠪᠡ᠃ |