| | | | | | 4 ᠰᠠᠷ᠎ᠠ ᠶᠢᠨ 25 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠽᠢᠶ᠎ᠠ ᠲᠢᠪ ᠤᠨ ᠰᠣᠶᠣᠯ ᠤᠨ | ᠥᠪ ᠤᠨ ᠬᠠᠮᠠᠭᠠᠯᠠᠯᠲᠠ ᠶᠢᠨ ᠬᠤᠯᠪᠣᠭ᠎ᠠ ᠶᠢᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ ᠃ | ᠰᠢ ᠶᠢᠨ ᠫᠢᠩ᠂ ᠠᠽᠢᠶ᠎ᠠ ᠲᠢᠪ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠴᠢᠬᠤᠯᠠ ᠭᠤᠯᠣᠮᠲᠠ ᠮᠥᠨ᠂ | ᠲᠦᠢᠯ ᠤᠨ ᠡᠯᠪᠡᠭ ᠪᠠᠶᠠᠯᠢᠭ ᠰᠣᠶᠣᠯ ᠤᠨ ᠥᠪ ᠢ ᠪᠤᠶᠢᠵᠢᠭᠤᠯᠤᠨ ᠬᠠᠳᠠᠭᠠᠯᠠᠵᠤ᠂ ᠳᠡᠯᠡᠬᠡᠢ ᠶᠢᠨ ᠪᠣᠯᠪᠠᠰᠤᠨ ᠤ | ᠬᠥᠭᠵᠢᠯᠲᠡ ᠶᠢᠨ ᠲᠡᠦᠬᠡᠨ ᠳᠤ ᠥᠨᠢᠷ ᠪᠠᠶᠠᠯᠢᠭ ᠬᠠᠭᠤᠳᠠᠰᠤ ᠶᠢ ᠪᠢᠴᠢᠭᠯᠡᠪᠡ᠃ 2019 ᠣᠨ ᠳᠤ᠂ ᠪᠢ ᠠᠽᠢᠶ᠎ᠠ ᠶᠢᠨ | ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ ᠳᠡᠭᠡᠷ᠎ᠡ ᠠᠽᠢᠶ᠎ᠠ ᠶᠢᠨ ᠰᠣᠶᠣᠯ ᠤᠨ ᠥᠪ ᠢ ᠬᠠᠮᠠᠭᠠᠯᠠᠬᠤ ᠠᠵᠢᠯᠯᠠᠭ᠎ᠠ | ᠥᠷᠨᠢᠭᠦᠯᠬᠦ ᠶᠢ ᠰᠠᠨᠠᠭᠠᠴᠢᠯᠠᠪᠠ᠃ 4 ᠵᠢᠯ ᠤᠨ ᠲᠤᠷᠰᠢ᠂ ᠡᠯ᠎ᠡ ᠲᠠᠯ᠎ᠠ ᠶᠢᠨ ᠬᠢᠨ ᠢᠳᠡᠪᠬᠢᠲᠡᠢ ᠴᠤᠤᠷᠢᠶᠠᠲᠤᠨ᠂ ᠬᠠᠮᠲᠤ ᠪᠠᠷ | ᠴᠢᠷᠮᠠᠶᠢᠵᠤ᠂ ᠡᠷᠲᠡᠨ ᠤ ᠪᠣᠯᠪᠠᠰᠤᠨ ᠤ ᠰᠤᠳᠤᠯᠭᠠᠨ᠂ ᠬᠠᠮᠲᠤᠷᠠᠭᠰᠠᠨ ᠬᠠᠭᠤᠴᠢ ᠰᠤᠳᠤᠯᠤᠯ᠂ ᠡᠷᠲᠡᠨ ᠤ ᠪᠠᠭᠤᠷᠢ ᠶᠢᠨ | ᠵᠠᠰᠠᠨ ᠰᠡᠷᠭᠦᠭᠡᠯᠲᠡ᠂ ᠮᠦᠽᠧᠢ ᠶᠢᠨ ᠰᠣᠯᠢᠯᠴᠠᠭ᠎ᠠ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ | ᠥᠷᠨᠢᠭᠦᠯᠵᠦ᠂ ᠬᠥᠮᠥᠨ ᠲᠥᠷᠥᠯᠬᠢᠲᠡᠨ ᠤ ᠪᠣᠯᠪᠠᠰᠤᠨ ᠤ ᠤᠭᠢ ᠰᠣᠳᠣ ᠶᠢ ᠬᠠᠮᠠᠭᠠᠯᠠᠬᠤ ᠳᠤ ᠠᠽᠢᠶ᠎ᠠ ᠲᠢᠪ ᠤᠨ ᠰᠢᠨ᠎ᠡ | ᠬᠤᠪᠢ ᠨᠡᠮᠡᠷᠢ ᠶᠢ ᠦᠵᠡᠭᠦᠯᠵᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠬᠤᠯᠪᠣᠭ᠎ᠠ ᠪᠠᠶᠢᠭᠤᠯᠤᠭᠳᠠᠭᠰᠠᠨ ᠨᠢ | ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠬᠤ᠂ ᠠᠽᠢᠶ᠎ᠠ ᠶᠢᠨ ᠪᠣᠯᠪᠠᠰᠤᠨ ᠤ ᠰᠣᠯᠢᠯᠴᠠᠭ᠎ᠠ ᠶᠢ | ᠭᠦᠨᠵᠡᠭᠡᠶᠢᠷᠡᠭᠦᠯᠬᠦ᠂ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠢ ᠪᠠᠳᠠᠷᠠᠭᠤᠯᠤᠨ ᠴᠡᠴᠡᠭᠯᠡᠭᠦᠯᠬᠦ᠂ | ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠬᠦᠴᠦᠨ ᠴᠢᠳᠠᠯ ᠢᠶᠠᠨ ᠡᠷᠭᠦᠬᠦ ᠳᠤ ᠠᠰᠢᠭᠲᠠᠢ ᠶᠤᠮ᠃ | ᠳᠤᠮᠳᠠᠳᠤ ᠤᠯᠤᠰ ᠳᠤᠷᠠᠲᠠᠶ᠎ᠠ ᠬᠤᠯᠪᠣᠭ᠎ᠠ ᠶᠢᠨ ᠪᠣᠷᠣ ᠲᠥᠯᠥᠪ ᠤᠨ ᠳᠣᠣᠷ᠎ᠠ ᠠᠽᠢᠶ᠎ᠠ ᠲᠢᠪ ᠤᠨ ᠡᠯ᠎ᠡ ᠤᠯᠤᠰ ᠯᠤᠭ᠎ᠠ ᠭᠠᠷ | ᠬᠤᠯᠪᠣᠯᠴᠠᠨ ᠰᠣᠶᠣᠯ ᠤᠨ ᠥᠪ ᠤᠨ ᠬᠠᠮᠠᠭᠠᠯᠠᠯᠲᠠ ᠶᠢᠨ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ | ᠰᠣᠶᠣᠯ ᠤᠨ ᠥᠪ ᠤᠨ ᠬᠦᠷᠢᠶᠡᠨ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠪᠦᠭᠦ | ᠪᠥᠮᠪᠥᠷᠴᠡᠭ ᠤᠨ ᠪᠣᠯᠪᠠᠰᠤᠨ ᠤ ᠶᠠᠷᠢᠯᠴᠠᠭ᠎ᠠ ᠬᠠᠮᠲᠤᠷᠠᠯᠴᠠᠭᠠᠨ ᠤ ᠲᠣᠣᠷ ᠢ ᠪᠠᠶᠢᠭᠤᠯᠵᠤ᠂ ᠡᠯ᠎ᠡ ᠤᠯᠤᠰ ᠤᠨ ᠠᠷᠠᠳ | ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠰᠤᠭ ᠪᠣᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ | ᠪᠣᠯᠪᠠᠰᠤᠨ ᠤ ᠬᠥᠭᠵᠢᠯᠲᠡ ᠲᠠᠪᠰᠢᠯᠳᠠ ᠶᠢ ᠬᠠᠮᠲᠤ ᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ ᠃ | ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠬᠤᠯᠪᠣᠭ᠎ᠠ ᠶᠢᠨ ᠶᠡᠭᠡ ᠬᠤᠷᠠᠯ ᠢ ᠰᠣᠶᠣᠯ ᠪᠠ | ᠵᠢᠭᠤᠯᠴᠢᠯᠠᠯ ᠤᠨ ᠶᠠᠮᠤᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠱᠠᠨᠰᠢ ᠮᠤᠵᠢ ᠶᠢᠨ | ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠵᠦ᠂ 25 ᠤ ᠡᠳᠦᠷ ᠱᠠᠨᠰᠢ ᠮᠤᠵᠢ ᠶᠢᠨ ᠰᠢ ᠠᠨ ᠳᠤ | ᠡᠬᠢᠯᠡᠵᠡᠢ ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶ |