| | | | | ᠤᠯᠤᠰ ᠤᠨ ᠲᠡᠷᠢᠭᠦᠯᠡᠭᠴᠢ ᠰᠢ ᠶᠢᠨ ᠫᠢᠩ 24 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠰᠠᠭᠤᠭ᠎ᠠ 70 ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ | ᠭᠥᠯᠢᠶᠡᠨ ᠠᠪᠤᠪᠠ ᠃ | 4 ᠰᠠᠷ᠎ᠠ ᠶᠢᠨ ᠪᠡᠭᠡᠵᠢᠩ ᠬᠤᠲᠠᠨ ᠳᠤ ᠤᠷᠢᠬᠠᠨ ᠰᠠᠯᠬᠢ ᠢᠯᠪᠢᠵᠦ᠂ ᠲᠦᠮᠡᠨ ᠪᠣᠳᠠᠰ ᠲᠥᠯᠵᠢᠨ ᠠᠮᠢᠯᠠᠨ᠎ᠠ᠃ | ᠮᠣᠲ᠋ᠣᠷ ᠲᠡᠷᠭᠡᠨ ᠤ ᠠᠩᠭᠢ ᠶᠢᠨ ᠬᠠᠮᠠᠭᠠᠯᠠᠯ ᠳᠣᠣᠷ᠎ᠠ ᠡᠯᠴᠢᠨ ᠰᠠᠶᠢᠳ ᠨᠠᠷ ᠠᠷᠠᠳ ᠤᠨ ᠶᠡᠭᠡ ᠬᠤᠷᠠᠯ ᠤᠨ ᠲᠠᠩᠬᠢᠮ ᠤᠨ | ᠬᠤᠶᠢᠲᠤ ᠡᠭᠦᠳᠡᠨ ᠳᠤ ᠭᠦᠷᠪᠡ᠃ ᠶᠣᠰᠣᠯᠠᠯ ᠤᠨ ᠴᠡᠷᠢᠭ ᠬᠤᠶᠠᠷ ᠭᠠᠷᠯᠠᠨ ᠲᠡᠷᠢ ᠲᠡᠭᠰᠢ ᠵᠣᠭᠰᠣᠵᠤ᠂ ᠪᠦᠷᠢᠶᠡᠴᠢᠳ | ᠵᠣᠴᠢᠨ ᠤᠭᠲᠤᠬᠤ ᠪᠦᠷᠢᠶ᠎ᠡ ᠪᠠᠨ ᠦᠯᠢᠶᠡᠨ ᠭᠠᠳᠠᠭᠠᠳᠤ ᠶᠢᠨ ᠡᠯᠴᠢᠨ ᠰᠠᠶᠢᠳ ᠢ ᠤᠭᠲᠤᠵᠤ᠂ ᠡᠯᠴᠢᠳ ᠲᠤᠭ | ᠳᠠᠯᠪᠠᠭ᠎ᠠ ᠶᠢᠨ ᠬᠠᠵᠠᠭᠤ ᠪᠠᠷ ᠥᠩᠭᠡᠷᠡᠨ᠂ ᠭᠠᠨᠳᠢᠭ ᠴᠢᠯᠠᠭᠤᠨ ᠢᠨᠳᠡᠷ ᠢᠶᠠᠷ ᠠᠯᠬᠤᠯᠠᠪᠠ᠃ | | | | | | | | 4 ᠰᠠᠷ᠎ᠠ ᠶᠢᠨ 24 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠰᠠᠭᠤᠭ᠎ᠠ 70 ᠡᠯᠴᠢᠨ ᠰᠠᠶᠢᠳ ᠤᠨ ᠳᠡᠪᠰᠢᠭᠦᠯᠦᠭᠰᠡᠨ | ᠲᠦᠷᠦ ᠶᠢᠨ ᠪᠢᠴᠢᠭ ᠢ ᠭᠥᠯᠢᠶᠡᠨ ᠠᠪᠤᠪᠠ᠃ | | | | ᠵᠢᠷᠤᠭ ᠪᠣᠯ ᠲᠦᠷᠦ ᠶᠢᠨ ᠪᠢᠴᠢᠭ ᠳᠡᠪᠰᠢᠭᠦᠯᠬᠦ ᠶᠣᠰᠣᠯᠠᠯ ᠲᠡᠭᠦᠰᠦᠭᠰᠡᠨ ᠤ ᠲᠠᠷᠠᠭ᠎ᠠ᠂ ᠰᠢ ᠶᠢᠨ ᠫᠢᠩ ᠪᠡᠭᠡᠵᠢᠩ | ᠲᠢᠩᠬᠢᠮ ᠳᠤ ᠡᠯᠴᠢᠨ ᠰᠠᠶᠢᠳ ᠨᠠᠷ ᠲᠤ ᠶᠠᠷᠢᠶ᠎ᠠ ᠲᠠᠯᠪᠢᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ | | | ︽ᠠᠭᠤᠯᠠ ᠤᠰᠤᠨ ᠡᠶᠢᠨ ᠬᠦ ᠲᠠᠩᠰᠤᠭ ᠰᠠᠶᠢᠬᠠᠨ︾ ᠭᠡᠬᠦ ᠲᠣᠮᠣ ᠬᠠᠨ᠎ᠠ ᠶᠢᠨ ᠵᠢᠷᠤᠭ ᠤᠨ ᠡᠮᠦᠨ᠎ᠡ᠂ ᠰᠢ ᠶᠢᠨ | ᠫᠢᠩ ᠡᠯᠴᠢᠨ ᠰᠠᠶᠢᠳ ᠨᠠᠷ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠲᠤᠰ ᠲᠤᠰ ᠭᠥᠯᠢᠶᠡᠨ ᠠᠪᠤᠭᠰᠠᠨ ᠪᠥᠭᠡᠳ | ᠲᠡᠳᠡᠨ ᠲᠠᠢ ᠬᠠᠮᠲᠤ ᠭᠡᠷᠡᠯ ᠵᠢᠷᠤᠭ ᠲᠠᠲᠠᠭᠤᠯᠪᠠ᠃ ᠲᠡᠳᠡ ᠪᠣᠯ᠄ ᠳᠤᠮᠳᠠᠳᠤ ᠤᠯᠤᠰ ᠲᠤ ᠰᠠᠭᠤᠭ᠎ᠠ ᠮᠣᠩᠭᠤᠯ ᠤᠯᠤᠰ ᠤᠨ | ᠡᠯᠴᠢᠨ ᠰᠠᠶᠢᠳ ᠪᠠᠳᠠᠷᠠᠯ᠂ ᠳᠤᠮᠳᠠᠳᠤ ᠤᠯᠤᠰ ᠲᠤ ᠰᠠᠭᠤᠭ᠎ᠠ ᠭᠢᠶᠡᠨᠡ ᠶᠢᠨ ᠡᠯᠴᠢᠨ ᠰᠠᠶᠢᠳ ᠵᠧᠦ ᠶᠠ ᠰᠢᠨ᠂ ᠳᠤᠮᠳᠠᠳᠤ | ᠤᠯᠤᠰ ᠲᠤ ᠰᠠᠭᠤᠭ᠎ᠠ ᠪᠠᠷᠪᠠᠳᠤᠰ ᠤᠨ ᠡᠯᠴᠢᠨ ᠰᠠᠶᠢᠳ ᠾᠧᠨᠷᠢ᠂ ᠳᠤᠮᠳᠠᠳᠤ ᠤᠯᠤᠰ ᠲᠤ ᠰᠠᠭᠤᠭ᠎ᠠ ᠰᠠᠯᠸᠠᠳᠤᠷ ᠤᠨ | ᠡᠯᠴᠢᠨ ᠰᠠᠶᠢᠳ ᠠᠯᠸᠠᠷᠢᠰ᠂ ᠳᠤᠮᠳᠠᠳᠤ ᠤᠯᠤᠰ ᠲᠤ ᠰᠠᠭᠤᠭ᠎ᠠ ᠠᠦ᠋ᠰᠳ᠋ᠷᠢᠶ᠎ᠠ ᠶᠢᠨ ᠡᠯᠴᠢᠨ ᠰᠠᠶᠢᠳ ᠷᠢᠭᠠᠨ᠂ ᠳᠤᠮᠳᠠᠳᠤ | ᠤᠯᠤᠰ ᠲᠤ ᠰᠠᠭᠤᠭ᠎ᠠ ᠠᠶᠢᠰᠯᠠᠨᠳ᠋ ᠤᠨ ᠡᠯᠴᠢᠨ ᠰᠠᠶᠢᠳ ᠢᠪᠷᠸᠢ᠂ ᠳᠤᠮᠳᠠᠳᠤ ᠤᠯᠤᠰ ᠲᠤ ᠰᠠᠭᠤᠭ᠎ᠠ ᠮᠧᠺᠰᠢᠺᠦ ᠶᠢᠨ | ᠡᠯᠴᠢᠨ ᠰᠠᠶᠢᠳ ᠱᠢᠶᠠᠳ᠋᠂ ᠳᠤᠮᠳᠠᠳᠤ ᠤᠯᠤᠰ ᠲᠤ ᠰᠠᠭᠤᠭ᠎ᠠ ᠹᠢᠨᠯᠠᠨᠳ᠋ ᠤᠨ ᠡᠯᠴᠢᠨ ᠰᠠᠶᠢᠳ ᠮᠧᠩ ᠯᠠᠨ᠂ ᠳᠤᠮᠳᠠᠳᠤ | ᠤᠯᠤᠰ ᠲᠤ ᠰᠠᠭᠤᠭ᠎ᠠ ᠮᠤᠨᠠᠺᠤ ᠶᠢᠨ ᠡᠯᠴᠢᠨ ᠰᠠᠶᠢᠳ ᠮᠠ ᠰᠧ ᠰᠥᠩ᠂ ᠳᠤᠮᠳᠠᠳᠤ ᠤᠯᠤᠰ ᠲᠤ ᠰᠠᠭᠤᠭ᠎ᠠ ᠰᠦᠢᠱᠧᠯ ᠤᠨ | ᠡᠯᠴᠢᠨ ᠰᠠᠶᠢᠳ ᠯᠠᠹᠤᠲ᠋ᠢᠨᠠ᠂ ᠳᠤᠮᠳᠠᠳᠤ ᠤᠯᠤᠰ ᠲᠤ ᠰᠠᠭᠤᠭ᠎ᠠ ᠭᠠᠨᠠ ᠶᠢᠨ ᠡᠯᠴᠢᠨ ᠰᠠᠶᠢᠳ ᠬᠠᠮᠤᠨᠳ᠋᠂ ᠳᠤᠮᠳᠠᠳᠤ | ᠤᠯᠤᠰ ᠲᠤ ᠰᠠᠭᠤᠭ᠎ᠠ ᠪᠠᠷᠸᠢᠢᠨ ᠤ ᠡᠯᠴᠢᠨ ᠰᠠᠶᠢᠳ ᠰᠢᠶᠧ ᠬᠤ᠋᠂ ᠳᠤᠮᠳᠠᠳᠤ ᠤᠯᠤᠰ ᠲᠤ ᠰᠠᠭᠤᠭ᠎ᠠ ᠺᠤᠮᠤᠷᠤ᠋ ᠶᠢᠨ ᠡᠯᠴᠢᠨ | ᠰᠠᠶᠢᠳ ᠮᠠᠦ᠋ᠷᠠᠨᠠ᠂ ᠳᠤᠮᠳᠠᠳᠤ ᠤᠯᠤᠰ ᠲᠤ ᠰᠠᠭᠤᠭ᠎ᠠ ᠲᠷᠢᠨᠢᠳᠠᠳ᠋ ᠪᠠ ᠲᠤᠪᠠᠭᠤ᠋ ᠶᠢᠨ ᠡᠯᠴᠢᠨ ᠰᠠᠶᠢᠳ ᠯᠢᠦ ᠨᠠ᠂ | ᠳᠤᠮᠳᠠᠳᠤ ᠤᠯᠤᠰ ᠲᠤ ᠰᠠᠭᠤᠭ᠎ᠠ ᠮᠠᠯᠠᠸᠢ ᠶᠢᠨ ᠡᠯᠴᠢᠨ ᠰᠠᠶᠢᠳ ᠴᠢᠨᠲ᠋ᠠᠶᠢᠵᠠ᠂ ᠳᠤᠮᠳᠠᠳᠤ ᠤᠯᠤᠰ ᠲᠤ ᠰᠠᠭᠤᠭ᠎ᠠ | ᠠᠯᠵᠧᠷᠢᠶ᠎ᠠ ᠶᠢᠨ ᠡᠯᠴᠢᠨ ᠰᠠᠶᠢᠳ ᠯᠠᠪᠸᠢᠢᠰᠢ᠂ ᠳᠤᠮᠳᠠᠳᠤ ᠤᠯᠤᠰ ᠲᠤ ᠰᠠᠭᠤᠭ᠎ᠠ ᠰᠧᠷᠪᠢᠶ᠎ᠠ ᠶᠢᠨ ᠡᠯᠴᠢᠨ ᠰᠠᠶᠢᠳ | ᠰᠲ᠋ᠤᠹᠠᠨᠤᠸᠢᠴ᠂ ᠳᠤᠮᠳᠠᠳᠤ ᠤᠯᠤᠰ ᠲᠤ ᠰᠠᠭᠤᠭ᠎ᠠ ᠦᠽᠪᠤᠺᠰᠲ᠋ᠠᠨ ᠤ ᠡᠯᠴᠢᠨ ᠰᠠᠶᠢᠳ ᠠᠷᠵᠢᠶᠧᠹ᠂ ᠳᠤᠮᠳᠠᠳᠤ | ᠤᠯᠤᠰ ᠲᠤ ᠰᠠᠭᠤᠭ᠎ᠠ ᠺᠣᠩᠭᠣ᠋ ︵ᠺᠢᠨ︶ ᠶᠢᠨ ᠡᠯᠴᠢᠨ ᠰᠠᠶᠢᠳ ᠪᠠᠯᠦᠮᠦᠠᠶᠢᠢᠨ᠋ᠸᠢ᠂ ᠳᠤᠮᠳᠠᠳᠤ ᠤᠯᠤᠰ ᠲᠤ ᠰᠠᠭᠤᠭ᠎ᠠ | ᠠᠮᠧᠷᠢᠺᠠ ᠶᠢᠨ ᠡᠯᠴᠢᠨ ᠰᠠᠶᠢᠳ ᠪᠧᠷᠡᠸ᠋ᠨᠰ᠂ ᠳᠤᠮᠳᠠᠳᠤ ᠤᠯᠤᠰ ᠲᠤ ᠰᠠᠭᠤᠭ᠎ᠠ ᠡᠨᠡᠳᠬᠡᠭ ᠤᠨ ᠡᠯᠴᠢᠨ ᠰᠠᠶᠢᠳ ᠯᠥᠸᠧ | ᠭᠦᠸᠧ ᠳ᠋ᠦᠩ᠂ ᠳᠤᠮᠳᠠᠳᠤ ᠤᠯᠤᠰ ᠲᠤ ᠰᠠᠭᠤᠭ᠎ᠠ ᠺᠢᠷᠢᠪᠠᠰᠢ ᠶᠢᠨ ᠡᠯᠴᠢᠨ ᠰᠠᠶᠢᠳ ᠳ᠋ᠢᠠᠠᠪᠦ᠋ᠸᠧ᠂ ᠳᠤᠮᠳᠠᠳᠤ ᠤᠯᠤᠰ ᠲᠤ | ᠰᠠᠭᠤᠭ᠎ᠠ ᠶᠧᠮᠧᠨ ᠤ ᠡᠯᠴᠢᠨ ᠰᠠᠶᠢᠳ ᠮᠸᠢᠢᠲ᠋ᠠᠮᠢ᠂ ᠳᠤᠮᠳᠠᠳᠤ ᠤᠯᠤᠰ ᠲᠤ ᠰᠠᠭᠤᠭ᠎ᠠ ᠺᠠᠽᠠᠬᠰᠲ᠋ᠠᠠ ᠤ ᠡᠯᠴᠢᠨ ᠰᠠᠶᠢᠳ | ᠨᠦᠯᠸᠢᠢᠱᠧᠹ᠂ ᠳᠤᠮᠳᠠᠳᠤ ᠤᠯᠤᠰ ᠲᠤ ᠰᠠᠭᠤᠭ᠎ᠠ ᠸᠧᠨᠧᠽᠦ᠋ᠧᠯᠠ ᠶᠢᠨ ᠡᠯᠴᠢᠨ ᠰᠠᠶᠢᠳ ᠶᠣᠹᠯᠸᠢᠢᠳᠠ᠂ ᠳᠤᠮᠳᠠᠳᠤ | ᠤᠯᠤᠰ ᠲᠤ ᠰᠠᠭᠤᠭ᠎ᠠ ᠰᠢᠷᠢᠶ᠎ᠡ ᠶᠢᠨ ᠡᠯᠴᠢᠨ ᠰᠠᠶᠢᠳ ᠬᠠᠰᠠᠩᠨ᠋ᠸᠢ᠂ ᠳᠤᠮᠳᠠᠳᠤ ᠤᠯᠤᠰ ᠲᠤ ᠰᠠᠭᠤᠭ᠎ᠠ ᠨᠢᠭᠧᠷ ᠤᠨ ᠡᠯᠴᠢᠨ | ᠰᠠᠶᠢᠳ ᠰᠠᠶᠢᠨ᠋ᠸᠢ᠂ ᠳᠤᠮᠳᠠᠳᠤ ᠤᠯᠤᠰ ᠲᠤ ᠰᠠᠭᠤᠭ᠎ᠠ ᠭᠧᠷᠮᠠᠨ ᠤ ᠡᠯᠴᠢᠨ ᠰᠠᠶᠢᠳ ᠹᠦ᠋ ᠷᠦᠩ᠂ ᠳᠤᠮᠳᠠᠳᠤ ᠤᠯᠤᠰ ᠲᠤ | ᠰᠠᠭᠤᠭ᠎ᠠ ᠰᠠᠮᠤᠶᠠ ᠶᠢᠨ ᠡᠯᠴᠢᠨ ᠰᠠᠶᠢᠳ ᠮᠠᠯᠢᠨᠠ᠂ ᠳᠤᠮᠳᠠᠳᠤ ᠤᠯᠤᠰ ᠲᠤ ᠰᠠᠭᠤᠭ᠎ᠠ ᠰᠠᠦ᠋ᠳᠢ ᠠᠷᠠᠪ ᠤᠨ ᠡᠯᠴᠢᠨ | ᠰᠠᠶᠢᠳ ᠬᠠᠯᠧᠪᠢ᠂ ᠳᠤᠮᠳᠠᠳᠤ ᠤᠯᠤᠰ ᠲᠤ ᠰᠠᠭᠤᠭ᠎ᠠ ᠺᠤᠷᠢᠶᠠ ᠶᠢᠨ ᠡᠯᠴᠢᠨ ᠰᠠᠶᠢᠳ ᠵᠧᠩ ᠽᠠᠢ ᠬᠤᠤ᠂ ᠳᠤᠮᠳᠠᠳᠤ | ᠤᠯᠤᠰ ᠲᠤ ᠰᠠᠭᠤᠭ᠎ᠠ ᠨᠧᠫᠠᠯ ᠤᠨ ᠡᠯᠴᠢᠨ ᠰᠠᠶᠢᠳ ᠱᠢᠯᠦ᠋ᠢᠰᠲ᠋ᠠ᠂ ᠳᠤᠮᠳᠠᠳᠤ ᠤᠯᠤᠰ ᠲᠤ ᠰᠠᠭᠤᠭ᠎ᠠ ᠰᠧᠨᠧᠭᠠᠯ ᠤᠨ | ᠡᠯᠴᠢᠨ ᠰᠠᠶᠢᠳ ᠰᠢᠯᠠ᠂ ᠳᠤᠮᠳᠠᠳᠤ ᠤᠯᠤᠰ ᠲᠤ ᠰᠠᠭᠤᠭ᠎ᠠ ᠺᠣᠩᠭᠣ᠋ ︵ᠪᠦ᠊᠆︶ ᠶᠢᠨ ᠡᠯᠴᠢᠨ ᠰᠠᠶᠢᠳ ᠨᠢᠬᠠᠭ᠍ᠵᠢᠶᠠ᠂ | ᠳᠤᠮᠳᠠᠳᠤ ᠤᠯᠤᠰ ᠲᠤ ᠰᠠᠭᠤᠭ᠎ᠠ ᠪᠷᠠᠽᠢᠯ ᠤᠨ ᠡᠯᠴᠢᠨ ᠰᠠᠶᠢᠳ ᠭᠤᠤ ᠸᠠᠩ᠂ ᠳᠤᠮᠳᠠᠳᠤ ᠤᠯᠤᠰ ᠲᠤ ᠰᠠᠭᠤᠭ᠎ᠠ | ᠦᠭᠠᠨᠳᠠ ᠶᠢᠨ ᠡᠯᠴᠢᠨ ᠰᠠᠶᠢᠳ ᠸᠧᠨ᠋ᠸᠢᠢᠺᠡ᠂ ᠳᠤᠮᠳᠠᠳᠤ ᠤᠯᠤᠰ ᠲᠤ ᠰᠠᠭᠤᠭ᠎ᠠ ᠡᠮᠦᠨᠡᠲᠦ ᠰᠦᠳᠠᠨ ᠤ ᠡᠯᠴᠢᠨ ᠰᠠᠶᠢᠳ | ᠮᠧᠩ ᠳ᠋ᠠᠢ᠂ ᠳᠤᠮᠳᠠᠳᠤ ᠤᠯᠤᠰ ᠲᠤ ᠰᠠᠭᠤᠭ᠎ᠠ ᠰᠠᠶᠢᠫᠷᠦ᠋ᠰ ᠤᠨ ᠡᠯᠴᠢᠨ ᠰᠠᠶᠢᠳ ᠮᠠᠹᠷᠤᠮᠠᠲ᠋ᠢ᠂ ᠳᠤᠮᠳᠠᠳᠤ ᠤᠯᠤᠰ ᠲᠤ | ᠰᠠᠭᠤᠭ᠎ᠠ ᠯᠧᠰᠤᠲ᠋ᠣ᠋ ᠶᠢᠨ ᠡᠯᠴᠢᠨ ᠰᠠᠶᠢᠳ ᠯᠠᠪᠠᠯᠠᠢ᠂ ᠳᠤᠮᠳᠠᠳᠤ ᠤᠯᠤᠰ ᠲᠤ ᠰᠠᠭᠤᠭ᠎ᠠ ᠰᠸᠢᠰ ᠤᠨ ᠡᠯᠴᠢᠨ ᠰᠠᠶᠢᠳ ᠪᠠᠢ | ᠷᠦᠢ ᠢ᠂ ᠳᠤᠮᠳᠠᠳᠤ ᠤᠯᠤᠰ ᠲᠤ ᠰᠠᠭᠤᠭ᠎ᠠ ᠪᠠᠭ᠋ᠠᠮᠠ ᠶᠢᠨ ᠡᠯᠴᠢᠨ ᠰᠠᠶᠢᠳ ᠪᠧᠶᠢᠰᠧᠷ᠂ ᠳᠤᠮᠳᠠᠳᠤ ᠤᠯᠤᠰ ᠲᠤ ᠰᠠᠭᠤᠭ᠎ᠠ | ᠡᠸ᠋ᠰᠲ᠋ᠤᠨᠢᠶᠠ ᠶᠢᠨ ᠡᠯᠴᠢᠨ ᠰᠠᠶᠢᠳ ᠬᠠᠨ ᠱᠥᠸᠧ᠂ ᠳᠤᠮᠳᠠᠳᠤ ᠤᠯᠤᠰ ᠲᠤ ᠰᠠᠭᠤᠭ᠎ᠠ ᠶᠧᠵᠢᠫᠲ ᠤᠨ ᠡᠯᠴᠢᠨ ᠰᠠᠶᠢᠳ | ᠬᠠᠨᠠᠶᠢᠹᠸᠢ᠂ ᠳᠤᠮᠳᠠᠳᠤ ᠤᠯᠤᠰ ᠲᠤ ᠰᠠᠭᠤᠭ᠎ᠠ ᠰᠦᠳᠠᠨ ᠤ ᠡᠯᠴᠢᠨ ᠰᠠᠶᠢᠳ ᠰᠡᠳᠢᠭᠧ᠂ ᠳᠤᠮᠳᠠᠳᠤ ᠤᠯᠤᠰ ᠲᠤ ᠰᠠᠭᠤᠭ᠎ᠠ | ᠣᠷᠣᠰ ᠤᠨ ᠡᠯᠴᠢᠨ ᠰᠠᠶᠢᠳ ᠮᠤᠷᠭᠦᠯᠤᠹ᠂ ᠳᠤᠮᠳᠠᠳᠤ ᠤᠯᠤᠰ ᠲᠤ ᠰᠠᠭᠤᠭ᠎ᠠ ᠺᠠᠨᠠᠳᠠ ᠶᠢᠨ ᠡᠯᠴᠢᠨ ᠰᠠᠶᠢᠳ ᠮᠧᠢ ᠴᠢᠶᠠᠨ | ᠯᠢᠨ᠂ ᠳᠤᠮᠳᠠᠳᠤ ᠤᠯᠤᠰ ᠲᠤ ᠰᠠᠭᠤᠭ᠎ᠠ ᠫᠣᠷᠲ᠋ᠦ᠋ᠭᠠᠯ ᠤᠨ ᠡᠯᠴᠢᠨ ᠰᠠᠶᠢᠳ ᠨᠠᠰᠢᠮᠧᠨᠲ᠋ᠣ᠋᠂ ᠳᠤᠮᠳᠠᠳᠤ ᠤᠯᠤᠰ ᠲᠤ | ᠰᠠᠭᠤᠭ᠎ᠠ ᠪᠤᠼᠸᠠᠨᠠ ᠶᠢᠨ ᠡᠯᠴᠢᠨ ᠰᠠᠶᠢᠳ ᠰᠠᠶᠢᠯᠸᠢᠢᠮᠠ᠂ ᠳᠤᠮᠳᠠᠳᠤ ᠤᠯᠤᠰ ᠲᠤ ᠰᠠᠭᠤᠭ᠎ᠠ ᠪᠧᠩᠭᠠᠯ ᠤᠯᠤᠰ ᠤᠨ ᠡᠯᠴᠢᠨ | ᠰᠠᠶᠢᠳ ᠦᠳᠢᠨ᠂ ᠳᠤᠮᠳᠠᠳᠤ ᠤᠯᠤᠰ ᠲᠤ ᠰᠠᠭᠤᠭ᠎ᠠ ᠺᠢᠷᠭᠢᠽᠰᠲ᠋ᠠᠨ ᠤ ᠡᠯᠴᠢᠨ ᠰᠠᠶᠢᠳ ᠮᠦᠰᠠᠶᠸᠧᠠ᠂ ᠳᠤᠮᠳᠠᠳᠤ | ᠤᠯᠤᠰ ᠲᠤ ᠰᠠᠭᠤᠭ᠎ᠠ ᠰᠯᠦᠸᠠᠺᠢᠶᠠ ᠶᠢᠨ ᠡᠯᠴᠢᠨ ᠰᠠᠶᠢᠳ ᠯᠢᠽᠠᠺ᠂ ᠳᠤᠮᠳᠠᠳᠤ ᠤᠯᠤᠰ ᠲᠤ ᠰᠠᠭᠤᠭ᠎ᠠ ᠰᠢᠨ᠎ᠡ | ᠽᠢᠯᠠᠨᠳ᠋ ᠤᠨ ᠡᠯᠴᠢᠨ ᠰᠠᠶᠢᠳ ᠮᠠᠤ ᠷᠦᠢ᠂ ᠳᠤᠮᠳᠠᠳᠤ ᠤᠯᠤᠰ ᠲᠤ ᠰᠠᠭᠤᠭ᠎ᠠ ᠪᠢᠷᠮᠠ ᠶᠢᠨ ᠡᠯᠴᠢᠨ ᠰᠠᠶᠢᠳ ᠳ᠋ᠢᠩ ᠮᠣᠣ | ᠷᠦᠢ᠂ ᠳᠤᠮᠳᠠᠳᠤ ᠤᠯᠤᠰ ᠲᠤ ᠰᠠᠭᠤᠭ᠎ᠠ ᠭᠷᠧᠭ ᠤᠨ ᠡᠯᠴᠢᠨ ᠰᠠᠶᠢᠳ ᠺᠠᠷᠫᠧᠯᠢᠰ᠂ ᠳᠤᠮᠳᠠᠳᠤ ᠤᠯᠤᠰ ᠲᠤ ᠰᠠᠭᠤᠭ᠎ᠠ | ᠸᠧᠷᠳ᠋ ᠬᠤᠱᠣᠣ ᠶᠢᠨ ᠡᠯᠴᠢᠨ ᠰᠠᠶᠢᠳ ᠳ᠋ᠦᠯᠤᠸᠧᠰᠠᠯᠢᠤ᠋᠂ ᠳᠤᠮᠳᠠᠳᠤ ᠤᠯᠤᠰ ᠲᠤ ᠰᠠᠭᠤᠭ᠎ᠠ ᠭᠢᠨᠤᠶᠠ ᠶᠢᠨ ᠡᠯᠴᠢᠨ | ᠰᠠᠶᠢᠳ ᠺᠤᠶ᠋ᠢᠲ᠋ᠠ᠂ ᠳᠤᠮᠳᠠᠳᠤ ᠤᠯᠤᠰ ᠲᠤ ᠰᠠᠭᠤᠭ᠎ᠠ ᠮᠠᠯᠲ᠋ᠠ ᠤᠨ ᠡᠯᠴᠢᠨ ᠰᠠᠶᠢᠳ ᠪᠠᠢ ᠬᠠᠨ ᠰᠢᠤᠸᠠᠨ᠂ ᠳᠤᠮᠳᠠᠳᠤ | ᠤᠯᠤᠰ ᠲᠤ ᠰᠠᠭᠤᠭ᠎ᠠ ᠴᠢᠯᠢ ᠶᠢᠨ ᠡᠯᠴᠢᠨ ᠰᠠᠶᠢᠳ ᠦᠷᠲ᠋ᠠᠳᠤ᠋᠂ ᠳᠤᠮᠳᠠᠳᠤ ᠤᠯᠤᠰ ᠲᠤ ᠰᠠᠭᠤᠭ᠎ᠠ ᠰᠦᠷᠢᠨᠠᠮ ᠤᠨ ᠡᠯᠴᠢᠨ | ᠰᠠᠶᠢᠳ ᠵᠠᠩ ᠪᠢ ᠹᠧᠨ᠂ ᠳᠤᠮᠳᠠᠳᠤ ᠤᠯᠤᠰ ᠲᠤ ᠰᠠᠭᠤᠭ᠎ᠠ ᠹᠢᠯᠢᠫᠢᠨ ᠤ ᠡᠯᠴᠢᠨ ᠰᠠᠶᠢᠳ ᠵᠢᠮᠢ᠂ ᠳᠤᠮᠳᠠᠳᠤ ᠤᠯᠤᠰ ᠲᠤ | ᠰᠠᠭᠤᠭ᠎ᠠ ᠺᠣᠯᠣᠮᠪᠢᠶ᠎ᠠ ᠶᠢᠨ ᠡᠯᠴᠢᠨ ᠰᠠᠶᠢᠳ ᠺᠠᠹᠦ᠋ᠯᠦ᠋ᠢᠯᠠ᠂ ᠳᠤᠮᠳᠠᠳᠤ ᠤᠯᠤᠰ ᠲᠤ ᠰᠠᠭᠤᠭ᠎ᠠ ᠡᠸ᠋ᠽᠢᠤᠫᠢᠶ᠎ᠠ ᠶᠢᠨ ᠡᠯᠴᠢᠨ | ᠰᠠᠶᠢᠳ ᠲᠠᠹᠸᠢᠢᠷᠠ᠂ ᠳᠤᠮᠳᠠᠳᠤ ᠤᠯᠤᠰ ᠲᠤ ᠰᠠᠭᠤᠭ᠎ᠠ ᠹᠷᠠᠨᠼᠢ ᠶᠢᠨ ᠡᠯᠴᠢᠨ ᠰᠠᠶᠢᠳ ᠪᠠᠢ ᠢᠦᠢ ᠳᠠᠩ᠂ ᠳᠤᠮᠳᠠᠳᠤ | ᠤᠯᠤᠰ ᠲᠤ ᠰᠠᠭᠤᠭ᠎ᠠ ᠫᠧᠷᠦ᠋ ᠶᠢᠨ ᠡᠯᠴᠢᠨ ᠰᠠᠶᠢᠳ ᠪᠠᠯᠠᠯᠸᠢᠢᠰᠦ᠋ᠸᠧ᠂ ᠳᠤᠮᠳᠠᠳᠤ ᠤᠯᠤᠰ ᠲᠤ ᠰᠠᠭᠤᠭ᠎ᠠ ᠲᠦᠷᠺ ᠤᠨ | ᠡᠯᠴᠢᠨ ᠰᠠᠶᠢᠳ ᠮᠦᠰᠠ᠂ ᠳᠤᠮᠳᠠᠳᠤ ᠤᠯᠤᠰ ᠲᠤ ᠰᠠᠭᠤᠭ᠎ᠠ ᠸᠠᠨᠦ᠋ᠸᠠᠲ᠋ᠦ᠋ ᠶᠢᠨ ᠡᠯᠴᠢᠨ ᠰᠠᠶᠢᠳ ᠯᠠᠢ ᠶᠤᠸᠠᠢ ᠶᠠᠩ᠂ | ᠳᠤᠮᠳᠠᠳᠤ ᠤᠯᠤᠰ ᠲᠤ ᠰᠠᠭᠤᠭ᠎ᠠ ᠪᠦᠷᠦ᠋ᠨᠳᠢ ᠶᠢᠨ ᠡᠯᠴᠢᠨ ᠰᠠᠶᠢᠳ ᠢᠷᠠᠮᠪᠤᠨᠠ᠂ ᠳᠤᠮᠳᠠᠳᠤ ᠤᠯᠤᠰ ᠲᠤ ᠰᠠᠭᠤᠭ᠎ᠠ | ᠴᠠᠳ᠋ ᠤᠨ ᠡᠯᠴᠢᠨ ᠰᠠᠶᠢᠳ ᠬᠠᠯᠢᠨ᠎ᠠ᠂ ᠳᠤᠮᠳᠠᠳᠤ ᠤᠯᠤᠰ ᠲᠤ ᠰᠠᠭᠤᠭ᠎ᠠ ᠰᠠᠨ ᠮᠠᠷᠢᠨᠣ᠋ ᠶᠢᠨ ᠡᠯᠴᠢᠨ ᠰᠠᠶᠢᠳ ᠭᠠᠯᠠᠰᠢ᠂ | ᠳᠤᠮᠳᠠᠳᠤ ᠤᠯᠤᠰ ᠲᠤ ᠰᠠᠭᠤᠭ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠣᠭ᠎ᠠ ᠶᠢᠨ ᠲᠥᠯᠥᠭᠡᠯᠡᠭᠴᠢᠳ ᠤᠨ | ᠪᠦᠯᠬᠦᠮ ᠤᠨ ᠳᠠᠷᠤᠭ᠎ᠠ ᠲᠦᠸᠧ ᠶᠣᠣ ᠬᠤᠢ ᠪᠣᠯᠣᠨ᠎ᠠ᠃ | ᠰᠢ ᠶᠢᠨ ᠫᠢᠩ ᠪᠠᠰᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ | ᠳᠠᠷᠤᠭ᠎ᠠ ᠵᠠᠩ ᠮᠢᠩ ᠲᠠᠢ ᠠᠭᠤᠯᠵᠠᠪᠠ᠃ ᠲᠦᠷᠦ ᠶᠢᠨ ᠪᠢᠴᠢᠭ ᠳᠡᠪᠰᠢᠭᠦᠯᠬᠦ ᠶᠣᠰᠣᠯᠠᠯ ᠲᠡᠭᠦᠰᠦᠭᠰᠡᠨ ᠤ ᠲᠠᠷᠠᠭ᠎ᠠ᠂ | ᠰᠢ ᠶᠢᠨ ᠫᠢᠩ ᠪᠡᠭᠡᠵᠢᠩ ᠲᠢᠩᠬᠢᠮ ᠳᠤ ᠡᠯᠴᠢᠨ ᠰᠠᠶᠢᠳ ᠨᠠᠷ ᠲᠤ ᠶᠠᠷᠢᠶ᠎ᠠ ᠲᠠᠯᠪᠢᠪᠠ᠃ | ᠰᠢ ᠶᠢᠨ ᠫᠢᠩ ᠡᠯᠴᠢᠨ ᠰᠠᠶᠢᠳ ᠢᠶᠠᠷ ᠳᠠᠮᠵᠢᠭᠤᠯᠤᠨ ᠲᠤᠰ ᠲᠤᠰ ᠤᠨ ᠤᠯᠤᠰ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠬᠥᠮᠥᠰ ᠪᠣᠯᠣᠨ ᠠᠷᠠᠳ ᠲᠦᠮᠡᠨ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠳᠤᠮᠳᠠᠳᠤ ᠤᠯᠤᠰ | ᠳᠤᠷᠠᠲᠠᠶ᠎ᠠ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠰᠠᠭᠤᠷᠢᠨ ᠳᠡᠭᠡᠷ᠎ᠡ ᠡᠯ᠎ᠡ ᠤᠯᠤᠰ ᠤᠨ ᠠᠷᠠᠳ ᠲᠦᠮᠡᠨ ᠲᠠᠢ | ᠨᠥᠬᠦᠷᠯᠡᠯ ᠢᠶᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠲᠠᠯ᠎ᠠ ᠶᠢᠨ | ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ ᠠᠬᠢᠭᠤᠯᠤᠨ᠎ᠠ᠃ ᠡᠯᠴᠢᠨ ᠰᠠᠶᠢᠳ ᠨᠠᠷ ᠳᠤᠮᠳᠠᠳᠤ ᠤᠯᠤᠰ ᠢ ᠪᠦᠭᠦ | ᠲᠠᠯ᠎ᠠ ᠪᠠᠷ᠂ ᠭᠦᠨᠵᠡᠭᠡᠢ ᠣᠶᠢᠯᠠᠭᠠᠵᠤ᠂ ᠨᠥᠬᠦᠷᠯᠡᠯ ᠤᠨ ᠡᠯᠴᠢ᠂ ᠬᠠᠮᠲᠤᠷᠠᠯᠴᠠᠭᠠᠨ ᠤ ᠬᠥᠭᠦᠷᠭᠡ ᠪᠣᠯᠬᠤ ᠶᠢ ᠬᠦᠰᠡᠵᠦ | ᠪᠠᠶᠢᠨ᠎ᠠ᠃ ᠳᠤᠮᠳᠠᠳᠤ ᠤᠯᠤᠰ ᠤᠨ ᠵᠠᠰᠠᠭ ᠤᠨ ᠣᠷᠳᠣᠨ ᠡᠯᠴᠢᠨ ᠰᠠᠶᠢᠳ ᠤᠨ ᠲᠤᠰᠢᠶᠠᠯ ᠢᠶᠠᠨ ᠭᠦᠢᠴᠡᠳᠬᠡᠬᠦ ᠳᠤ | ᠳᠡᠮᠵᠢᠯᠭᠡ ᠪᠠ ᠳᠥᠭᠦᠮ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠥᠩᠭᠡᠷᠡᠭᠰᠡᠨ 3 ᠵᠢᠯ ᠳᠤ᠂ | ᠳᠤᠮᠳᠠᠳᠤ ᠤᠯᠤᠰ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠲᠠᠢ | ᠲᠡᠮᠡᠴᠡᠭᠰᠡᠨ ᠲᠦᠢᠯ ᠤᠨ ᠵᠢᠷ ᠤᠨ ᠪᠤᠰᠤ ᠶᠢᠨ ᠥᠩᠭᠡᠷᠡᠯᠲᠡ ᠶᠢ ᠥᠩᠭᠡᠷᠡᠭᠦᠯᠪᠡ᠃ ᠡᠨᠡ ᠬᠦ ᠶᠠᠪᠤᠴᠠ ᠳᠤ᠂ ᠳᠤᠮᠳᠠᠳᠤ | ᠤᠯᠤᠰ ᠮᠠᠰᠢ ᠤᠯᠠᠨ ᠤᠯᠤᠰ ᠪᠠ ᠠᠷᠠᠳ ᠲᠦᠮᠡᠨ ᠤ ᠴᠢᠩ ᠦᠨᠡᠨᠴᠢ ᠬᠠᠪᠰᠤᠷᠤᠯᠭ᠎ᠠ ᠶᠢ ᠣᠯᠪᠠ᠂ ᠪᠢᠳᠡ ᠪᠠᠰᠠ ᠪᠣᠳᠠᠲᠤ | ᠠᠵᠢᠯᠯᠠᠭ᠎ᠠ ᠪᠠᠷ ᠢᠶᠠᠨ ᠪᠦᠭᠦ ᠪᠥᠮᠪᠥᠷᠴᠡᠭ ᠤᠨ ᠬᠢᠵᠢᠭ ᠲᠠᠢ ᠲᠡᠮᠡᠴᠡᠬᠦ ᠠᠵᠢᠯ ᠢ ᠪᠦᠭᠦ ᠬᠦᠴᠦ ᠪᠠᠷ ᠢᠶᠠᠨ ᠳᠡᠮᠵᠢᠵᠦ᠂ ᠡᠯ᠎ᠡ | ᠤᠯᠤᠰ ᠲᠠᠢ ᠬᠠᠮᠲᠤ ᠪᠠᠷ ᠬᠥᠮᠥᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢᠨ | ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠠᠷᠢᠯᠴᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠤᠪᠢ | ᠵᠠᠶᠠᠭ᠎ᠠ ᠪᠠᠨ ᠬᠠᠮᠲᠤᠳᠬᠠᠬᠤ ᠬᠤᠯᠪᠣᠭᠠᠰᠤ ᠶᠢ ᠴᠢᠩᠭᠠᠯᠠᠪᠠ᠃ ᠳᠤᠮᠳᠠᠳᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠬᠤ ᠪᠣᠯᠣᠨ᠎ᠠ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ | ᠭᠠᠳᠠᠭᠠᠳᠤ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠭᠦᠷᠳᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠲᠤᠰ ᠪᠡᠶ᠎ᠡ ᠶᠢᠨ | ᠬᠥᠭᠵᠢᠯᠲᠡ ᠪᠠᠷ ᠢᠶᠠᠨ ᠳᠡᠯᠡᠬᠡᠢ ᠳ᠋ᠠᠬᠢᠨ ᠳᠤ ᠨᠡᠩ ᠤᠯᠠᠨ ᠠᠵᠠ ᠲᠣᠭᠢᠶᠠᠯ ᠢ ᠡᠭᠦᠳᠴᠦ ᠥᠭᠭᠦᠨ᠎ᠡ᠃ | ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠭᠡᠮ ᠲᠠᠢ ᠬᠠᠮᠲᠤ ᠪᠠᠷ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ | ᠰᠠᠨᠠᠭᠠᠴᠢᠯᠠᠵᠤ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ | ᠠᠬᠢᠭᠤᠯᠵᠤ᠂ ᠡᠯ᠎ᠡ ᠵᠦᠢᠯ ᠤᠨ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠭᠯᠡᠯ ᠲᠡᠶᠢᠰᠢ ᠲᠠᠰᠤᠷᠠᠯᠳᠠ ᠦᠭᠡᠢ | ᠤᠷᠤᠭᠰᠢᠯᠠᠨ᠎ᠠ ᠭᠡᠵᠦ ᠴᠢᠬᠤᠯᠠᠴᠢᠯᠠᠪᠠ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 24 ᠤ ᠴᠠᠬᠢᠯᠭᠠᠨ ᠮᠡᠳᠡᠭᠡ︶ |