| | | | | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 4 ᠰᠠᠷ᠎ᠠ ᠶᠢᠨ 28 ᠤ ᠡᠳᠦᠷ ᠬᠤᠷᠠᠯ | ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ ᠃ | ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ | ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ | ᠲᠥᠯᠥᠪᠵᠢᠭᠦᠯᠦᠭᠰᠡᠨ ᠢᠶᠠᠷ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ | ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ᠂ ᠠᠵᠤ ᠠᠬᠤᠢ ᠨᠡᠶᠢᠭᠡᠮ ᠤᠨ ᠪᠠᠶᠢᠩᠭᠤᠵᠢᠭᠰᠠᠨ ᠡᠷᠭᠢᠯᠲᠡ ᠪᠦᠭᠦ ᠲᠠᠯ᠎ᠠ ᠪᠠᠷ | ᠰᠡᠷᠭᠦᠵᠦ᠂ ᠬᠤᠷᠸ᠎ᠠ ᠲᠥᠷᠥ ᠶᠢᠨ ᠪᠣᠳᠣᠯᠭ᠎ᠠ ᠬᠤᠰᠢᠭᠤᠴᠢᠯᠠᠵᠤ ᠬᠠᠮᠵᠢᠯᠴᠠᠨ ᠬᠦᠴᠦᠯᠡᠵᠦ᠂ ᠬᠡᠷᠡᠭᠴᠡᠭᠡ ᠪᠠᠭᠠᠰᠬᠤ᠂ | ᠬᠠᠩᠭᠠᠯᠭ᠎ᠠ ᠳᠠᠭᠠᠷᠢᠯᠲᠠ ᠳᠤ ᠤᠴᠠᠷᠠᠬᠤ᠂ ᠵᠢᠱᠢᠯᠲᠡ ᠪᠠᠭᠤᠷᠠᠬᠤ ᠭᠤᠷᠪᠠᠨ ᠳᠠᠪᠬᠤᠷ ᠳᠠᠷᠤᠯᠲᠠ ᠨᠠᠮᠳᠠᠵᠤ᠂ ᠠᠵᠤ | ᠠᠬᠤᠢ ᠶᠢᠨ ᠨᠡᠮᠡᠭᠳᠡᠯ ᠵᠢᠱᠢᠯᠲᠡ ᠠᠴᠠ ᠰᠠᠶᠢᠨ ᠪᠣᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠠᠯᠬᠤᠮ ᠠᠯᠬᠤᠮ ᠢᠶᠠᠷ | ᠰᠡᠷᠭᠦᠵᠦ᠂ ᠠᠵᠤ ᠠᠬᠤᠢ ᠶᠢᠨ ᠬᠥᠭᠵᠢᠯᠲᠡ ᠰᠡᠷᠭᠦᠨ ᠰᠠᠶᠢᠵᠢᠷᠠᠬᠤ ᠬᠠᠨᠳᠤᠰᠢ ᠲᠠᠢ ᠪᠣᠯᠵᠤ᠂ ᠠᠵᠤ ᠠᠬᠤᠢ ᠶᠢᠨ ᠡᠷᠭᠢᠯᠲᠡ | ᠰᠠᠶᠢᠨ ᠡᠬᠢᠯᠡᠯᠲᠡ ᠲᠠᠢ ᠪᠣᠯᠵᠠᠢ ᠭᠡᠵᠦ ᠦᠵᠡᠪᠡ ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠢᠨ ᠰᠠᠶᠢᠵᠢᠷᠠᠯᠲᠠ ᠨᠢ | ᠭᠤᠣᠯᠳᠠᠭᠤ ᠰᠡᠷᠭᠦᠯᠲᠡ ᠶᠢᠨ ᠴᠢᠨᠠᠷᠲᠠᠢ ᠪᠠᠶᠢᠵᠤ᠂ ᠳᠣᠲᠣᠭᠠᠳᠤ ᠬᠦᠳᠡᠯᠭᠡᠬᠦ ᠬᠦᠴᠦᠨ ᠪᠠᠰᠠ ᠴᠢᠩᠭ᠎ᠠ ᠪᠢᠰᠢ᠂ ᠬᠡᠷᠡᠭᠴᠡᠭᠡ | ᠮᠥᠨ ᠬᠦᠷᠦᠯᠴᠡᠬᠦ ᠦᠭᠡᠢ ᠪᠠᠶᠢᠭᠰᠠᠭᠠᠷ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠰᠢᠨ᠎ᠡ | ᠬᠠᠷᠰᠢ ᠰᠠᠭᠠᠳ ᠲᠤᠯᠭᠠᠷᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠮᠥᠨ ᠬᠦ ᠴᠥᠭᠡᠨ ᠪᠤᠰᠤ ᠬᠦᠴᠢᠷ | ᠪᠡᠷᠬᠡᠰᠢᠶᠡᠯ ᠥᠷᠢᠰᠦᠯᠳᠦᠭᠡᠨ ᠢ ᠢᠯᠡᠨ ᠳᠠᠪᠠᠭ᠋ᠤ ᠴᠢᠬᠤᠯᠠᠲᠠᠢ ᠪᠠᠶᠢᠨ᠎ᠠ ᠭᠡᠵᠦ ᠵᠢᠭᠠᠵᠤ ᠭᠠᠷᠭᠠᠪᠠ ᠃ | ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢᠨ ᠬᠦᠴᠦᠨ ᠢ ᠪᠠᠳᠠᠷᠠᠭᠤᠯᠬᠤ ᠪᠠ ᠡᠵᠡᠩᠨᠡᠯᠲᠡ ᠶᠢᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ | ᠶᠡᠭᠡ ᠬᠦᠳᠡᠯᠭᠡᠬᠦ ᠬᠦᠴᠦᠨ ᠢ ᠪᠦᠷᠢᠯᠳᠦᠭᠦᠯᠵᠦ᠂ ᠠᠵᠤ ᠠᠬᠤᠢ ᠶᠢᠨ ᠡᠷᠭᠢᠯᠲᠡ ᠶᠢ ᠦᠷᠭᠦᠯᠵᠢᠯᠡᠨ ᠰᠠᠶᠢᠵᠢᠷᠠᠭᠤᠯᠬᠤ᠂ | ᠳᠣᠲᠣᠭᠠᠳᠤ ᠬᠦᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠬᠤ᠂ ᠨᠡᠶᠢᠭᠡᠮ ᠤᠨ ᠵᠢᠱᠢᠯᠲᠡ ᠶᠢ ᠦᠷᠭᠦᠯᠵᠢᠯᠡᠨ | ᠰᠠᠶᠢᠵᠢᠷᠠᠭᠤᠯᠬᠤ᠂ ᠠᠶᠤᠯ ᠲᠦᠭᠰᠢᠭᠦᠷᠢ ᠭᠡᠮ ᠰᠣᠭᠤᠭ ᠢ ᠦᠷᠭᠦᠯᠵᠢᠯᠡᠨ ᠠᠷᠢᠯᠭᠠᠬᠤ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠠᠵᠤ ᠠᠬᠤᠢ ᠶᠢᠨ ᠴᠢᠨᠠᠷ ᠤᠨ ᠪᠦᠲᠦᠮᠵᠢᠲᠡᠢ | ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ᠂ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ ᠪᠣᠯᠭᠠᠭᠰᠠᠨ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠠᠶᠢᠳᠠᠯ ᠢ ᠥᠭᠰᠥᠨ ᠤᠷᠤᠭᠰᠢᠯᠠᠵᠤ᠂ ᠳᠤᠲᠠᠭᠤᠳᠠᠯ ᠲᠠᠢ | ᠬᠦᠷᠢᠶᠡᠨ ᠳᠤ ᠲᠦᠷᠭᠡᠨ ᠰᠢᠪᠲᠤᠯᠤᠯᠲᠠ ᠭᠠᠷᠭᠠᠬᠤ ᠪᠥᠭᠡᠳ ᠪᠠᠶᠢᠳᠠᠯ ᠢ ᠲᠠᠭᠠᠨ ᠠᠵᠢᠯᠯᠠᠵᠤ᠂ ᠳᠠᠪᠠᠭᠤᠯᠢᠭ ᠬᠦᠷᠢᠶᠡᠨ ᠳᠤ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠰᠠᠭᠤᠷᠢ ᠶᠢ ᠪᠠᠬᠢᠵᠢᠭᠦᠯᠵᠦ᠂ ᠰᠢᠨ᠎ᠡ ᠬᠦᠳᠡᠯᠭᠡᠬᠦ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ | ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ᠂ ᠴᠠᠬᠢᠯᠭᠠᠨ | ᠴᠡᠨᠡᠭᠯᠡᠬᠦ ᠱᠣᠩ᠂ ᠡᠨᠧᠷᠭᠢ ᠬᠠᠳᠠᠭᠠᠯᠠᠬᠤ ᠵᠡᠷᠭᠡ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠢᠵᠢ | ᠪᠦᠷᠢᠳᠦᠭᠦᠯᠦᠭᠰᠡᠨ ᠴᠠᠬᠢᠯᠭᠠᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠨᠡᠶᠢᠳᠡᠮ ᠬᠡᠷᠡᠭᠯᠡᠬᠦ | ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢ ᠴᠢᠬᠤᠯᠠᠴᠢᠯᠠᠵᠤ᠂ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠵᠤ | ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ᠂ ᠬᠡᠷᠡᠭᠴᠡᠭᠡ ᠶᠢ ᠰᠡᠷᠭᠦᠭᠡᠬᠦ ᠪᠠ ᠥᠷᠭᠡᠳᠬᠡᠬᠦ ᠪᠣᠯ ᠣᠳᠣᠬᠠᠨ ᠤ ᠠᠵᠤ ᠠᠬᠤᠢ ᠶᠢ ᠦᠷᠭᠦᠯᠵᠢᠯᠡᠨ | ᠳᠡᠭᠡᠭᠰᠢᠯᠡᠭᠦᠯᠵᠦ ᠰᠠᠶᠢᠵᠢᠷᠠᠭᠤᠯᠬᠤ ᠶᠢᠨ ᠵᠠᠩᠭᠢᠯᠠᠭ᠎ᠠ ᠪᠣᠯᠣᠨ᠎ᠠ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ | ᠪᠣᠳᠣᠯᠭ᠎ᠠ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢᠨ | ᠣᠨᠣᠪᠴᠢᠲᠠᠢ ᠪᠥᠭᠡᠳ ᠬᠦᠴᠦᠲᠡᠢ ᠪᠠᠶᠢᠬᠤ ᠶᠢ ᠪᠠᠲᠤᠯᠠᠵᠤ᠂ ᠬᠡᠷᠡᠭᠴᠡᠭᠡ ᠶᠢ ᠥᠷᠭᠡᠳᠬᠡᠬᠦ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ᠃ ᠤᠯᠠᠨ ᠠᠷᠭ᠎ᠠ ᠵᠠᠮ ᠢᠶᠠᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠵᠦ᠂ ᠬᠡᠷᠡᠭᠯᠡᠭᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ ᠤ | ᠬᠡᠷᠡᠭᠯᠡᠭᠡ ᠶᠢ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠪᠣᠯᠣᠨ ᠲᠥᠷᠥ ᠶᠢᠨ ᠪᠣᠳᠣᠯᠭ᠎ᠠ ᠶᠢᠨ | ᠤᠷᠮᠠᠰᠢᠭᠤᠯᠤᠯ ᠤᠨ ᠬᠥᠲᠥᠯᠥᠨ ᠵᠢᠯᠤᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠤᠨ ᠪᠡᠯᠡ | ᠣᠷᠤᠭᠤᠯᠤᠯᠲᠠ ᠶᠢ ᠪᠦᠲᠦᠮᠵᠢᠲᠡᠢ ᠳᠠᠶᠢᠴᠢᠯᠠᠨ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ᠂ ︽ᠬᠤᠶᠠᠷ ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠵᠤ᠂ ᠡᠯ᠎ᠡ ᠲᠥᠷᠥᠯ ᠤᠨ ᠥᠮᠴᠢᠯᠡᠯ ᠤᠨ | ᠠᠵᠤ ᠠᠬᠤᠶᠢᠯᠠᠯ ᠤᠨ ᠡᠷᠬᠡ ᠲᠡᠭᠰᠢ ᠪᠠᠷ ᠥᠷᠢᠰᠦᠯᠳᠦᠬᠦ᠂ ᠬᠠᠮᠲᠤ ᠪᠠᠷ ᠬᠥᠭᠵᠢᠬᠦ ᠶᠢ ᠨᠥᠯᠥᠭᠡᠯᠡᠬᠦ ᠬᠠᠤᠯᠢ ᠴᠠᠭᠠᠵᠠ | ᠬᠠᠤᠯᠢ ᠲᠣᠭᠲᠠᠭᠠᠯ ᠤᠨ ᠬᠠᠷᠰᠢ ᠰᠠᠭᠠᠳ ᠪᠣᠯᠣᠨ ᠳᠠᠯᠳᠠ ᠬᠠᠷᠰᠢ ᠰᠠᠭᠠᠳ ᠢ ᠠᠷᠢᠯᠭᠠᠵᠤ᠂ ᠡᠵᠡᠩᠨᠡᠯᠲᠡ ᠶᠢᠨ ᠭᠤᠣᠯ | ᠴᠣᠭᠴᠠ ᠶᠢᠨ ᠢᠲᠡᠭᠡᠯ ᠵᠣᠷᠢᠭ ᠢ ᠦᠷᠭᠦᠯᠵᠢᠯᠡᠨ ᠬᠥᠪᠴᠢᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠦ ᠲᠠᠮᠢᠷ ᠢ ᠨᠢ | ᠰᠡᠷᠭᠦᠭᠡᠬᠦ ᠬᠡᠷᠡᠭᠲᠡᠢ᠃ ᠡᠯ᠎ᠡ ᠲᠥᠷᠥᠯ ᠤᠨ ᠠᠵᠤ ᠠᠬᠤᠶᠢᠯᠠᠯ ᠴᠥᠮ ᠬᠠᠤᠯᠢ ᠲᠣᠭᠲᠠᠭᠠᠯ ᠶᠣᠰᠣᠭᠠᠷ ᠡᠵᠡᠩᠨᠡᠬᠦ ᠬᠡᠷᠡᠭᠲᠡᠢ᠃ | ᠠᠵᠤ ᠠᠬᠤᠶᠢᠯᠠᠯ ᠤᠨ ᠳᠠᠩᠰᠠᠨ ᠳᠤ ᠥᠷᠢᠲᠦᠭᠰᠡᠨ ᠵᠣᠭᠤᠰ ᠢ ᠦᠨᠳᠦᠰᠦᠨ ᠠᠴᠠ ᠨᠢ ᠰᠢᠢᠳᠪᠦᠷᠢᠯᠡᠬᠦ ᠪᠠᠷ ᠵᠣᠷᠢᠭ | ᠰᠢᠭᠤᠳᠬᠤ ᠬᠡᠷᠡᠭᠲᠡᠢ᠃ ᠲᠠᠪᠴᠠᠩ ᠤᠨ ᠠᠵᠤ ᠠᠬᠤᠶᠢᠯᠠᠯ ᠤᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ᠬᠤᠰᠢᠭᠤᠷᠠᠯ ᠲᠠᠪᠴᠠᠩ ᠤᠨ ᠠᠵᠤ ᠠᠬᠤᠶᠢᠯᠠᠯ ᠤᠨ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ | ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠥᠷᠭᠡᠳᠬᠡᠬᠦ ᠬᠡᠷᠡᠭᠲᠡᠢ᠃ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠰᠥᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ | ᠣᠷᠤᠭᠤᠯᠤᠯᠲᠠ ᠶᠢ ᠲᠠᠲᠠᠬᠤ ᠶᠠᠪᠤᠳᠠᠯ ᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠭᠠᠳᠠᠭᠠᠳᠤ ᠠᠷᠠᠯᠵᠢᠶ᠎ᠠ ᠭᠠᠳᠠᠭᠠᠳᠤ | ᠪᠡᠯᠡ ᠶᠢᠨ ᠦᠨᠳᠦᠰᠦᠨ ᠬᠦᠴᠦᠨ ᠵᠦᠢᠯ ᠢ ᠲᠣᠭᠲᠠᠪᠤᠷᠢᠵᠢᠭᠤᠯᠬᠤ ᠬᠡᠷᠡᠭᠲᠡᠢ᠃ ᠨᠥᠬᠦᠴᠡᠯ ᠲᠠᠢ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠪᠣᠯᠣᠨ ᠴᠢᠯᠦᠭᠡᠲᠦ ᠠᠷᠠᠯᠵᠢᠶᠠᠨ ᠤ ᠭᠠᠷᠠᠮ ᠢ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ | ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠬᠤ ᠶᠢ ᠲᠠᠮᠵᠢᠵᠤ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠢᠵᠦ | ᠤᠷᠢᠳ ᠢᠶᠠᠷ ᠲᠤᠷᠰᠢᠬᠤ ᠠᠵᠢᠯ ᠢ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠨᠠᠮᠳᠠᠭᠠᠵᠤ᠂ | ᠳᠤᠮᠳᠠ ᠪᠠᠭ᠎ᠠ ᠪᠠᠩᠬᠢ᠂ ᠳᠠᠭᠠᠳᠬᠠᠯ ᠪᠣᠯᠣᠨ ᠢᠲᠡᠭᠡᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠶᠤᠯ | ᠲᠦᠭᠰᠢᠭᠦᠷᠢ ᠶᠢ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠭᠡᠷ ᠪᠠᠶᠢᠰᠢᠩ ᠢ | ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠬᠤᠳᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠶᠠᠨ | ᠬᠠᠳᠠᠨ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠲᠡᠮᠵᠢᠵᠤ᠂ ᠴᠠᠭ ᠲᠠᠭᠠᠨ | ᠲᠤᠰᠢᠶᠠᠬᠤ ᠶᠢ ᠪᠠᠲᠤᠯᠠᠬᠤ ᠠᠰᠠᠷ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠪᠠᠶᠢᠳᠠᠯ ᠢ ᠪᠠᠲᠤᠯᠠᠬᠤ ᠠᠵᠢᠯ ᠢ | ᠰᠠᠶᠢᠲᠤᠷ ᠬᠢᠵᠦ᠂ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ | ᠠᠬᠢᠭᠤᠯᠬᠤ ᠬᠡᠷᠡᠭᠲᠡᠢ᠃ ᠭᠡᠲᠦ ᠲᠣᠮᠣ ᠣᠨᠴᠠ ᠲᠣᠮᠣ ᠬᠤᠲᠠ ᠳᠤ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ | ᠰᠢᠨᠡᠳᠬᠡᠬᠦ ᠪᠠ ︽ᠡᠩ ᠤᠨ ᠦᠶ᠎ᠡ ᠳᠤ ᠬᠡᠷᠡᠭᠯᠡᠬᠦ ᠮᠥᠷᠲᠡᠭᠡᠨ ᠪᠠᠴᠢᠮ ᠪᠠᠶᠢᠳᠠᠯ ᠢ ᠠᠷᠭᠠᠴᠠᠭᠠᠬᠤ ᠳᠤ ᠦᠶ᠎ᠡ ᠬᠡᠷᠡᠭᠯᠡᠬᠦ︾ | ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ᠃ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠬᠡᠷᠡᠭᠲᠡᠢ᠃ ᠣᠷᠣᠨ | ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠠᠯᠳᠠ ᠥᠷᠢ | ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ | ᠭᠡᠵᠦ ᠵᠢᠭᠠᠵᠤ ᠭᠠᠷᠭᠠᠪᠠ ᠃ | ᠬᠤᠷᠠᠯ ᠠᠴᠠ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠬᠤ ᠠᠷᠭ᠎ᠠ ᠵᠠᠮ ᠢ ᠥᠷᠭᠡᠳᠬᠡᠵᠦ᠂ ᠬᠥᠯᠥᠰᠦᠨ ᠲᠠᠷᠢᠶᠠᠴᠢᠨ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠬᠡᠷᠡᠭᠲᠡᠢ᠃ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ | ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠵᠤᠨ ᠤ | ᠤᠯᠠᠷᠢᠯ ᠤᠨ ᠴᠠᠬᠢᠯᠭᠠᠨ ᠬᠡᠷᠡᠭᠯᠡᠬᠦ ᠤᠷᠭᠢᠯ ᠬᠤᠭᠤᠴᠠᠭ᠎ᠠ ᠶᠢ ᠤᠭᠲᠤᠬᠤ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ | ᠠᠵᠢᠯ ᠢ ᠰᠠᠶᠢᠲᠤᠷ ᠬᠢᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠠᠮᠤ ᠪᠤᠳᠠᠭᠠᠨ ᠤ ᠦᠢᠯᠡᠳᠪᠦᠷᠢᠯᠡᠯ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢᠨ ᠪᠠᠲᠤᠯᠠᠭ᠎ᠠ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ | ᠲᠠᠯ᠎ᠠ ᠪᠠᠷ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ ᠶᠢ ᠴᠢᠩᠭᠠᠳᠬᠠᠬᠤ | ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠪᠠᠶᠢᠴᠠᠭᠠᠨ ᠰᠤᠳᠤᠯᠤᠯᠲᠠ ᠶᠢ ᠶᠡᠭᠡ ᠪᠠᠷ ᠬᠢᠵᠦ᠂ | ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠪᠠ ᠦᠨᠳᠦᠰᠦᠨ ᠱᠠᠲᠤ ᠶᠢ ᠦᠨᠡᠨ ᠬᠦ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ |