| | ︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ | | | | 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠢᠷᠡᠭᠡᠳᠦᠢ ᠶᠢᠨ ᠬᠥᠭᠵᠢᠯᠲᠡ ᠶᠢᠨ ᠰᠠᠨᠠᠭᠠᠴᠢᠯᠠᠭᠠᠲᠤ | ᠡᠷᠬᠡ ᠶᠢ ᠡᠵᠡᠮᠳᠡᠶ᠎ᠡ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | | ᠵᠣᠬᠢᠶᠠᠯ ᠳᠤ᠂ ᠮᠠᠨ ᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠠᠮᠠ ᠪᠦᠬᠦᠯᠢ ᠴᠣᠭᠴᠠ ᠪᠠᠷ | ᠣᠳᠣᠬᠢᠴᠢᠯᠠᠭᠰᠠᠨ ᠨᠡᠶᠢᠭᠡᠮ ᠳᠤ ᠲᠠᠪᠰᠢᠨ ᠣᠷᠣᠵᠤ᠂ ᠬᠡᠪᠴᠢᠶ᠎ᠡ ᠨᠢ ᠤᠳᠤ ᠶᠢᠨ ᠬᠥᠭᠵᠢᠭᠰᠡᠨ ᠤᠯᠤᠰ ᠤᠨ ᠬᠥᠮᠥᠨ | ᠠᠮᠠ ᠶᠢᠨ ᠶᠡᠷᠦᠩᠬᠡᠢ ᠨᠡᠶᠢᠯᠡᠪᠦᠷᠢ ᠠᠴᠠ ᠳᠠᠪᠠᠵᠤ᠂ ᠲᠡᠭᠦᠨ ᠤ ᠪᠡᠷᠬᠡ ᠬᠠᠲᠠᠭᠤᠵᠢᠯᠲᠤ ᠴᠢᠨᠠᠷ ᠪᠣᠯᠣᠨ ᠨᠠᠷᠢᠨ ᠪᠤᠳᠤᠯᠢᠶᠠᠨᠲᠤ | ᠴᠢᠨᠠᠷ ᠨᠢ ᠤᠷᠢᠳ ᠡᠮᠦᠨ᠎ᠡ ᠪᠠᠶᠢᠭ᠎ᠠ ᠦᠭᠡᠢ ᠶᠤᠮ᠂ ᠡᠷᠬᠡᠪᠰᠢ ᠬᠥᠭᠵᠢᠯᠲᠡ ᠶᠢᠨ ᠭᠤᠣᠯᠯᠠᠬᠤ ᠡᠷᠬᠡ ᠶᠢ ᠥᠪᠡᠷ ᠤᠨ | ᠭᠠᠷ ᠲᠠᠭᠠᠨ ᠪᠠᠲᠤ ᠡᠵᠡᠮᠳᠡᠬᠦ ᠭᠡᠷᠡᠭᠲᠡᠢ; ᠮᠠᠨ ᠤ ᠤᠯᠤᠰ ᠪᠣᠯ ᠨᠢᠭᠡᠨ ᠭᠡᠳᠤ ᠶᠡᠭᠡ ᠬᠡᠪᠴᠢᠶᠡᠨ ᠤ ᠠᠵᠤ ᠠᠬᠤᠢ ᠶᠢᠨ | ᠴᠣᠭᠴᠠ ᠮᠥᠨ᠂ ᠭᠡᠳᠤ ᠶᠡᠭᠡ ᠬᠡᠪᠴᠢᠶᠡᠨ ᠤ ᠠᠵᠤ ᠠᠬᠤᠢ ᠶᠢᠨ ᠴᠣᠭᠴᠠ ᠨᠢ ᠳᠣᠲᠣᠭᠠᠳᠤ ᠳᠠᠭᠠᠨ ᠣᠷᠴᠢᠯ ᠬᠢᠵᠦ ᠪᠤᠯᠬᠤ | ᠪᠥᠭᠡᠳ ᠡᠷᠬᠡᠪᠰᠢ ᠣᠷᠴᠢᠯ ᠬᠢᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠭᠤᠷᠢᠯᠠᠵᠤ᠂ ᠬᠥᠭᠵᠢᠯᠲᠡ ᠪᠣᠯᠣᠨ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠭᠠᠷᠭᠠᠭᠰᠠᠨ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ | ᠢᠷᠡᠭᠡᠳᠦᠢ ᠶᠢᠨ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ | ᠮᠥᠨ ᠭᠡᠳᠡᠭ ᠢ ᠪᠣᠳᠠᠲᠤ ᠶᠠᠪᠤᠳᠠᠯ ᠭᠦᠢᠴᠡᠳ ᠭᠡᠷᠡᠴᠢᠯᠡᠪᠡ᠃ ᠪᠢᠳᠡ ᠭᠠᠭᠴᠠ ᠬᠦ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠪᠠᠯ ᠰᠠᠶ᠋ᠢ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ | ᠬᠥᠭᠵᠢᠯᠲᠡ ᠶᠢᠨ ᠠᠶᠤᠯ ᠦᠭᠡᠢ ᠴᠢᠨᠠᠷ ᠲᠣᠭᠲᠠᠭᠤᠨ ᠴᠢᠨᠠᠷ ᠢ ᠴᠢᠩᠭᠠᠳᠬᠠᠵᠤ᠂ ᠰᠠᠶ᠋ᠢ ᠡᠯ᠎ᠡ ᠵᠦᠢᠯ ᠤᠨ ᠤᠷᠢᠳᠴᠢᠯᠠᠨ | ᠮᠡᠳᠡᠵᠤ ᠪᠤᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠲᠤᠬᠰᠢᠨ ᠰᠠᠯᠬᠢ ᠰᠢᠷᠦᠭᠦᠨ ᠪᠣᠷᠣᠭᠠᠨ᠂ ᠲᠤᠬᠰᠢᠨ ᠰᠠᠯᠬᠢ | ᠬᠦᠴᠦᠲᠦ ᠳᠠᠪᠠᠯᠭᠠᠨ ᠤ ᠳᠤᠮᠳᠠ ᠮᠠᠨ ᠤ ᠤᠯᠤᠰ ᠤᠨ ᠣᠷᠣᠰᠢᠨ ᠲᠣᠭᠲᠠᠨᠢᠬᠤ ᠬᠦᠴᠦᠨ᠂ ᠥᠷᠢᠰᠦᠯᠳᠦᠬᠦ ᠬᠦᠴᠦᠨ᠂ | ᠬᠥᠭᠵᠢᠯᠲᠡ ᠶᠢᠨ ᠬᠦᠴᠦᠨ᠂ ᠦᠷᠭᠦᠯᠵᠢᠯᠡᠬᠦ ᠬᠦᠴᠦᠨ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠠᠬᠢᠴᠠ ᠶᠢ ᠤᠳᠠᠭᠠᠰᠢᠷᠠᠭᠤᠯᠬᠤ ᠦᠭᠡᠢ ᠴᠢᠨᠠᠭᠰᠢᠯᠠᠪᠠᠯ ᠲᠠᠰᠤᠯᠳᠠᠭᠤᠯᠬᠤ ᠦᠭᠡᠢ | ᠪᠠᠶᠢᠬᠤ ᠶᠢ ᠦᠨᠡᠨ ᠬᠦ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ | ᠪᠡᠶᠡᠯᠡᠭᠦᠯᠬᠦ ᠬᠠᠷᠠᠯᠲᠠ ᠶᠢ ᠢᠯᠠᠯᠲᠠ ᠲᠠᠢ ᠪᠠᠷ ᠪᠡᠶᠡᠯᠡᠭᠦᠯᠵᠦ ᠴᠢᠳᠠᠨ᠎ᠠ ᠭᠡᠵᠦ ᠴᠢᠬᠤᠯᠠᠴᠢᠯᠠᠪᠠ᠃ | | ᠵᠣᠬᠢᠶᠠᠯ ᠳᠤ᠂ ᠬᠤᠶᠠᠷ ᠵᠢᠯ ᠭᠠᠷᠤᠢ ᠶᠢᠨ ᠲᠤᠷᠰᠢ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠠᠵᠢᠯ | ᠯᠠᠪᠳᠠᠭᠤᠨ ᠪᠠᠲᠤᠲᠠᠢ ᠠᠬᠢᠵᠤ᠂ ᠵᠣᠬᠢᠬᠤ ᠦᠷ᠎ᠡ ᠪᠦᠲᠦᠮᠵᠢ ᠣᠯᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ | ᠲᠠᠰᠤᠷᠠᠯᠲᠠ ᠦᠭᠡᠢ ᠨᠢᠭᠲᠠᠷᠠᠵᠤ᠂ ᠠᠵᠢᠯ ᠤᠨ ᠰᠠᠭᠤᠷᠢ ᠲᠠᠰᠤᠷᠠᠯᠲᠠ ᠦᠭᠡᠢ ᠪᠠᠬᠢᠵᠢᠵᠦ᠂ ᠲᠥᠷᠥ ᠶᠢᠨ ᠪᠣᠳᠣᠯᠭ᠎ᠠ | ᠳᠦᠷᠢᠮ ᠲᠣᠭᠲᠠᠭᠠᠯ ᠲᠠᠰᠤᠷᠠᠯᠲᠠ ᠦᠭᠡᠢ ᠲᠡᠭᠦᠯᠳᠡᠷᠵᠢᠪᠡ᠂ ᠭᠡᠪᠡᠴᠦ ᠪᠠᠰᠠ ᠵᠠᠷᠢᠮ ᠲᠣᠪᠣᠶᠢᠮ᠎ᠠ ᠠᠰᠠᠭᠤᠳᠠᠯ ᠣᠷᠣᠰᠢᠵᠤ | ᠪᠠᠶᠢᠨ᠎ᠠ᠃ ᠶᠡᠷᠦᠩᠬᠡᠢ ᠳᠤᠨᠢ ᠠᠪᠴᠤ ᠦᠵᠡᠪᠡᠯ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠭᠦ ᠲᠠᠯ᠎ᠠ ᠪᠠᠷ ᠪᠡᠶᠡᠯᠡᠭᠦᠯᠬᠦ ᠳᠤ | ᠪᠠᠰᠠ ᠡᠭᠦᠷᠭᠡ ᠬᠦᠨᠳᠦ ᠵᠠᠮ ᠬᠤᠯᠠ ᠶᠤᠮ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠳᠤ | ᠬᠤᠶᠠᠷ ᠲᠠᠯ᠎ᠠ ᠠᠴᠠ ᠰᠤᠳᠤᠯᠤᠨ ᠪᠠᠶᠢᠷᠢᠯᠠᠭᠤᠯᠬᠤ ᠬᠡᠷᠡᠭᠲᠡᠢ᠄ ᠨᠢᠭᠡ ᠳᠤ᠂ ᠮᠠᠨ ᠤ ᠤᠯᠤᠰ ᠤᠨ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠳᠤᠲᠠᠭᠤᠳᠠᠯ ᠪᠠᠭᠤᠷᠠᠢ ᠲᠠᠯ᠎ᠠ ᠶᠢ ᠨᠡᠩ ᠴᠢᠭᠯᠡᠭᠦᠯᠦᠯᠲᠦ ᠴᠢᠨᠠᠷᠲᠠᠢ ᠪᠠᠷ ᠲᠦᠷᠭᠡᠨ | ᠨᠥᠬᠦᠪᠦᠷᠢᠯᠡᠵᠦ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ | ᠭᠡᠷᠡᠭᠲᠡᠢ; ᠬᠤᠶᠠᠷ ᠲᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠳᠣᠲᠣᠭᠠᠳᠤ ᠬᠥᠳᠡᠯᠭᠡᠬᠦ ᠬᠦᠴᠦᠨ ᠪᠠ | ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ᠂ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠳᠡᠯᠡᠬᠡᠢ | ᠶᠢᠨ ᠣᠷᠴᠢᠯ ᠤᠨ ᠲᠠᠲᠠᠬᠤ ᠬᠦᠴᠦᠨ᠂ ᠠᠬᠢᠭᠤᠯᠬᠤ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠵᠣᠬᠢᠶᠠᠯ ᠳᠤ᠂ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ | ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠶᠢ ᠬᠢᠵᠠᠭᠠᠷᠯᠠᠵᠤ ᠪᠠᠶᠢᠭ᠎ᠠ ᠭᠤᠣᠯ ᠵᠥᠷᠢᠴᠡᠯ ᠪᠠ | ᠠᠰᠠᠭᠤᠳᠠᠯ ᠢ ᠬᠦᠴᠦᠯᠡᠨ ᠠᠷᠢᠯᠭᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠦᠢᠯᠡᠳᠦᠯᠭᠡ ᠶᠢᠨ | ᠰᠢᠨ᠎ᠡ ᠶᠢ ᠡᠭᠦᠳᠬᠦ᠂ ᠳᠦᠷᠢᠮ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠳᠠᠪᠠᠭᠤᠯᠢᠭ ᠢᠶᠠᠨ ᠪᠠᠳᠠᠷᠠᠭᠤᠯᠤᠨ | ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠬᠡᠷᠡᠭᠲᠡᠢ᠃ ᠨᠢᠭᠡᠳᠦᠭᠡᠷ ᠲᠤ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ | ᠬᠥᠳᠡᠯᠭᠡᠬᠦ ᠬᠦᠴᠦᠨ ᠪᠠ ᠨᠠᠶᠢᠳᠠᠪᠤᠷᠢᠲᠤ ᠴᠢᠨᠠᠷ ᠢ ᠴᠢᠩᠭᠠᠳᠬᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ | ᠪᠠᠶᠢᠯᠳᠤᠬᠤ ᠪᠣᠳᠣᠯᠭ᠎ᠠ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠳᠤ ᠵᠡᠷᠭᠡ ᠪᠠᠷ | ᠬᠦᠴᠦᠯᠡᠵᠦ᠂ ᠵᠣᠬᠢᠴᠠᠭᠤᠯᠤᠨ ᠬᠠᠮᠵᠢᠯᠴᠠᠵᠤ᠂ ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ ᠬᠠᠩᠭᠠᠯᠭ᠎ᠠ ᠪᠠᠷ | ᠬᠡᠷᠡᠭᠴᠡᠭᠡ ᠶᠢ ᠡᠭᠦᠳᠬᠦ ᠨᠡᠩ ᠥᠨᠳᠥᠷ ᠲᠦᠪᠰᠢᠨ ᠪᠦᠬᠦᠢ ᠬᠥᠳᠡᠯᠦᠩᠭᠦᠢ ᠲᠡᠩᠴᠡᠭᠦᠷᠢ ᠶᠢ ᠪᠦᠷᠢᠯᠳᠦᠭᠦᠯᠵᠦ᠂ ᠤᠯᠤᠰ | ᠠᠷᠠᠳ ᠤᠨ ᠠᠵᠤ ᠠᠬᠤᠢ ᠶᠢᠨ ᠰᠠᠶᠢᠨ ᠣᠷᠴᠢᠯ ᠢ ᠪᠡᠶᠡᠯᠡᠭᠦᠯᠬᠦ ᠬᠡᠷᠡᠭᠲᠡᠢ᠃ ᠬᠤᠶᠠᠳᠤᠭᠠᠷ ᠲᠤ᠂ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠠᠯᠬᠤᠴᠠ ᠶᠢ ᠲᠦᠷᠭᠡᠳᠬᠡᠨ᠂ ᠭᠠᠳᠠᠭᠠᠳᠤ | ᠤᠯᠤᠰ ᠤᠨ ︽ᠪᠣᠭᠤᠮᠢ︾ ᠪᠣᠯᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠭᠤᠷᠪᠠᠳᠤᠭᠠᠷ ᠲᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠤᠨ | ᠠᠵᠤ ᠦᠢᠯᠡᠰ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠳᠥᠷᠪᠡᠳᠦᠭᠡᠷ ᠲᠤ᠂ ᠬᠤᠲᠠ ᠬᠥᠳᠡᠭᠡ᠂ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ | ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠭᠠᠭᠴᠠ ᠬᠦ ᠬᠤᠲᠠ ᠬᠥᠳᠡᠭᠡ᠂ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠪᠡᠶᠡᠯᠡᠭᠦᠯᠪᠡᠯ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠣᠷᠣᠨ ᠵᠠᠢ ᠰᠠᠶ᠋ᠢ ᠨᠠᠩ ᠥᠷᠭᠡᠨ | ᠠᠭᠤᠳᠠᠮ ᠪᠣᠯᠵᠤ᠂ ᠨᠠᠩ ᠴᠢᠨᠠᠷ ᠰᠠᠶᠢᠲᠠᠢ ᠪᠣᠯᠵᠤ ᠴᠢᠳᠠᠨ᠎ᠠ᠃ ᠲᠠᠪᠤᠳᠤᠭᠠᠷ ᠲᠤ᠂ ᠥᠭᠡᠷᠡᠴᠢᠯᠡᠯᠲᠡ ᠨᠡᠭᠡᠭᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠣᠷᠴᠢᠯ ᠤᠨ ᠬᠥᠳᠡᠯᠭᠡᠬᠦ ᠬᠦᠴᠦᠨ | ᠪᠠ ᠠᠮᠢᠳᠤᠯᠢᠭ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ︶ |