︽5 · 1︾᠎ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠰᠢ ᠶᠢᠨ ᠫᠢᠩ ᠪᠦᠭᠦ ᠤᠯᠤᠰ ᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ ᠬᠦᠷᠭᠡᠪᠡ
ᠨᠡᠶᠢᠲᠡᠯᠡᠭᠰᠡᠨ ᠴᠠᠭ᠄
2023/8/17
                  ︽5 · 1︾᠎ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠥᠷᠭᠡᠨ ᠤᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ ᠬᠦᠷᠭᠡᠪᠡ  ᠃      ᠰᠢ ᠶᠢᠨ ᠫᠢᠩ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠵᠠᠩᠭᠢᠯᠠᠭ᠎ᠠ ᠶᠢᠨ ᠵᠢᠯ ᠮᠥᠨ᠃ ᠥᠷᠭᠡᠨ ᠤᠯᠠᠨ ᠬᠥᠳᠡᠯᠮᠦᠷᠢᠴᠢᠨ ᠲᠦᠮᠡᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠦᠨᠡᠨᠴᠢ ᠰᠢᠳᠤᠷᠭᠤ ᠪᠠᠷ ᠬᠥᠳᠡᠯᠮᠦᠷᠢᠯᠡᠵᠦ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠲᠦᠷᠦᠭᠦᠯᠡᠨ ᠬᠢᠵᠦ᠂ ᠬᠥᠳᠡᠯᠮᠦᠷᠢ ᠡᠭᠦᠳᠦᠯᠲᠡ ᠳᠤ ᠲᠦᠰᠢᠭᠯᠡᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠭᠤᠣᠯ ᠬᠦᠴᠦᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠬᠦᠰᠡᠵᠦ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠬᠥᠳᠡᠯᠮᠦᠷᠢ ᠶᠢᠨ ᠬᠠᠯᠠᠭᠤᠨ ᠰᠡᠳᠬᠢᠯᠭᠡ ᠪᠠ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠥᠷᠭᠡᠨ ᠤᠯᠠᠨ ᠬᠥᠳᠡᠯᠮᠦᠷᠢᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠥᠷᠭᠡᠨ ᠤᠯᠠᠨ ᠬᠥᠳᠡᠯᠮᠦᠷᠢᠴᠢᠨ ᠲᠦᠮᠡᠨ ᠢ ᠦᠨᠡᠨ ᠰᠡᠳᠬᠢᠯ ᠠᠴᠠ ᠪᠠᠨ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠨ ᠥᠭᠴᠦ᠂ ᠨᠡᠶᠢᠭᠡᠮ ᠳᠠᠶᠠᠭᠠᠷ ᠲᠤ ᠬᠥᠳᠡᠯᠮᠦᠷᠢ ᠶᠢ ᠡᠷᠬᠢᠮᠯᠡᠬᠦ᠂ ᠬᠥᠳᠡᠯᠮᠦᠷᠢᠴᠢᠨ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠨᠠᠭᠰᠢᠳᠠ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ  ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号