| | | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 5 ᠤ ᠴᠠᠬᠢᠯᠭᠠᠨ ᠮᠡᠳᠡᠭᠡ ᠰᠢᠨᠬᠤᠸᠠ ᠬᠤᠷᠢᠶ᠎ᠠ ᠶᠢᠨ | ᠤᠯᠤᠰ ᠤᠨ ᠳᠡᠭᠡᠳᠦ ᠲᠠᠰ ᠤᠨ ᠣᠶᠤᠨ ᠤ ᠬᠥᠮᠥᠷᠭᠡ ᠶᠢᠨ ᠨᠠᠶᠢᠷᠠᠭᠤᠯᠤᠨ ᠵᠣᠬᠢᠶᠠᠭᠰᠠᠨ ︽ᠣᠳᠣᠬᠢᠴᠢᠯᠠᠭᠰᠠᠨ ᠬᠦᠴᠦᠷᠬᠡᠭ | ᠤᠯᠤᠰ ᠲᠡᠶᠢᠰᠢ ᠤᠷᠤᠭᠰᠢᠯᠠᠬᠤ ᠬᠥᠭᠵᠢᠯᠲᠡ ᠶᠢᠨ ᠨᠢᠭᠤᠴᠠ ᠨᠣᠮᠧᠷ᠄ᠰᠢ ᠶᠢᠨ ᠫᠢᠩ ᠤᠨ ᠠᠵᠤ ᠠᠬᠤᠢ ᠶᠢᠨ ᠦᠵᠡᠯ | ᠰᠠᠨᠠᠭᠠᠨ ᠤ ᠴᠠᠭ ᠦᠶ᠎ᠡ ᠶᠢᠨ ᠣᠨᠴᠠᠯᠢᠭ ᠰᠢᠨᠵᠢ ᠪᠣᠯᠣᠨ ᠦᠢᠯᠡᠳᠦᠯᠭᠡ ᠶᠢᠨ ᠥᠷᠲᠡᠭ ︵ᠬᠢᠲᠠᠳ ᠠᠩᠭ᠍ᠯᠢ ᠬᠡᠯᠡᠨ ᠤ ᠬᠡᠪᠯᠡᠯ︶ | ︾ ᠭᠡᠬᠦ ᠨᠣᠮ ᠢ ᠣᠶᠢᠷ᠎ᠠ ᠳᠤ ᠰᠢᠨᠬᠤᠸᠠ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ ᠃ | ᠲᠤᠰ ᠨᠣᠮ ᠳᠤ ︽ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠤ ᠰᠢᠨ᠎ᠡ ᠠᠬᠤᠢ | ᠪᠠᠶᠢᠳᠠᠯ ᠢ ᠨᠡᠭᠡᠭᠡᠪᠡ — ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠢᠯᠡ ᠲᠣᠳᠣ ᠣᠨᠴᠠᠯᠢᠭ︾᠂ ︽ | ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠪᠠ | — ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠦᠢᠯᠡᠳᠦᠯᠭᠡ ᠶᠢᠨ ᠠᠷᠭ᠎ᠠ ᠪᠣᠳᠣᠯᠭ᠎ᠠ︾᠂ ︽ᠠᠵᠤ | ᠠᠬᠤᠢ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠤᠶᠤᠨ ᠤᠬᠠᠭᠠᠨ — ᠰᠢ ᠶᠢᠨ ᠫᠢᠩ ᠤᠨ | ᠠᠵᠤ ᠠᠬᠤᠢ ᠶᠢᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠠᠷᠭ᠎ᠠ︾᠂ ︽ᠪᠦᠭᠦ ᠪᠥᠮᠪᠥᠷᠴᠡᠭ ᠤᠨ ᠠᠵᠤ ᠠᠬᠤᠢ ᠶᠢᠨ | ᠬᠥᠭᠵᠢᠯᠲᠡ ᠶᠢᠨ ᠠᠰᠠᠭᠤᠯᠲᠠ ᠶᠢ ᠬᠠᠷᠢᠭᠤᠯᠬᠤᠢ — ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ | ᠳᠡᠯᠡᠬᠡᠢ ᠶᠢᠨ ᠠᠴᠢ ᠬᠤᠯᠪᠣᠭᠳᠠᠯ︾᠂ ︽ᠡᠬᠢ ᠰᠤᠷᠪᠤᠯᠵᠢ ᠶᠢ ᠨᠢ ᠬᠠᠶᠢᠬᠤᠢ᠄ ᠰᠢ ᠶᠢᠨ ᠫᠢᠩ ᠤᠨ ᠣᠷᠣᠨ ᠨᠤᠲᠤᠭ ᠤᠨ | ᠠᠵᠤ ᠠᠬᠤᠢ ᠶᠢᠨ ᠵᠠᠰᠠᠯᠲᠠ ᠶᠢᠨ ᠦᠯᠢᠭᠡᠷ︾ ᠭᠡᠬᠦ ᠲᠠᠪᠤᠨ ᠪᠦᠯᠦᠭ ᠬᠤᠪᠢᠶᠠᠵᠤ᠂ ᠰᠢ ᠶᠢᠨ ᠫᠢᠩ ᠤᠨ ᠠᠵᠤ ᠠᠬᠤᠢ ᠶᠢᠨ | ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠢ ᠪᠦᠭᠦ | ᠲᠠᠯ᠎ᠠ ᠪᠠᠷ ᠲᠣᠳᠣᠷᠬᠠᠶᠢᠯᠠᠨ ᠥᠭᠦᠯᠡᠪᠡ ᠃ | ᠲᠤᠰ ᠨᠣᠮ ᠪᠣᠯ ︽ᠰᠢᠨᠬᠤᠸᠠ ᠬᠤᠷᠢᠶ᠎ᠠ ᠶᠢᠨ ᠤᠯᠤᠰ ᠤᠨ ᠳᠡᠭᠡᠳᠦ ᠲᠡᠰ ᠤᠨ ᠤᠶᠤᠨ ᠤ ᠬᠥᠮᠥᠷᠭᠡ︾ ᠶᠢᠨ | ᠰᠢᠷᠢᠰ ᠴᠤᠪᠤᠷᠠᠯ ᠪᠢᠴᠢᠭ ᠤᠨ ᠰᠢᠨ᠎ᠡ ᠲᠦᠷᠦᠯ ᠵᠦᠢᠯ ᠪᠣᠯᠣᠨ᠎ᠠ᠃ ᠲᠦᠷᠦᠭᠦᠬᠡᠨ᠂ ᠲᠣᠰ ᠴᠤᠪᠤᠷᠠᠯ ᠪᠢᠴᠢᠭ ᠨᠢ ᠨᠢᠭᠡᠨᠲᠡ | ︽ᠳᠤᠮᠳᠠᠳᠤ ᠤᠯᠤᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠤᠬᠠᠭᠠᠨ᠄ ᠤᠯᠤᠰ ᠲᠥᠷᠥ ᠠᠵᠤ | ᠠᠬᠤᠢ ᠶᠢᠨ ᠤᠬᠠᠭᠠᠨ ᠤ ᠬᠠᠷᠠᠭᠠᠨ ᠳᠠᠬᠢ ᠳᠤᠮᠳᠠᠳᠤ ᠤᠯᠤᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ | ᠣᠨᠣᠯ ᠪᠠ ᠦᠢᠯᠡᠳᠦᠯᠭᠡ︾᠂ ︽ᠠᠷᠠᠳ ᠲᠦᠮᠡᠨ ᠤ ᠬᠡᠮᠵᠢᠭᠦᠷ᠄ ᠵᠠᠭᠤᠨ ᠵᠢᠯ ᠤᠨ ᠲᠡᠮᠡᠴᠡᠯ ᠠᠴᠠ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠯᠤᠰ ᠲᠥᠷᠥ ᠶᠢᠨ ᠵᠣᠭᠰᠣᠯᠲᠠ ᠶᠢ ᠬᠠᠷᠠᠬᠤᠢ︾᠂ ︽ᠪᠦᠭᠦ ᠬᠥᠮᠥᠨ ᠲᠥᠷᠥᠯᠬᠢᠲᠡᠨ ᠤ | ᠬᠠᠮᠲᠤ ᠶᠢᠨ ᠥᠷᠲᠡᠭ ᠤᠨ ᠬᠥᠭᠡᠭᠡᠴᠡᠯᠳᠦᠯ ᠪᠠ ᠬᠠᠶᠢᠨ ᠰᠦᠪᠡᠭᠴᠢᠯᠡᠯᠲᠡ᠄ ᠠᠷᠠᠳᠴᠢᠯᠠᠯ ᠡᠷᠬᠡ ᠴᠢᠯᠦᠭᠡ ᠬᠥᠮᠥᠨ ᠤ | ᠡᠷᠬᠡ ᠶᠢᠨ ᠳᠤᠮᠳᠠᠳᠤ ᠤᠯᠤᠰ ᠤᠨ ᠦᠢᠯᠡᠳᠦᠯᠭᠡ︾ ᠵᠡᠷᠭᠡ ᠶᠢ ᠬᠡᠪᠯᠡᠭᠦᠯᠦᠭᠰᠡᠨ ᠪᠠᠶᠢᠨ᠎ᠠ᠃ |