ᠰᠢ ᠶᠢᠨ ᠫᠢᠩ ᠷᠦᠸᠠᠨᠳᠠ ᠳᠤ ᠰᠢᠷᠦᠭᠦᠨ ᠪᠣᠷᠣᠭᠠᠨ ᠤ ᠭᠠᠮᠰᠢᠭ ᠪᠣᠯᠤᠭᠰᠠᠨ ᠲᠤᠬᠠᠢ ᠷᠦᠸᠠᠨᠳᠠ ᠶᠢᠨ ᠶᠡᠷᠦᠩᠬᠡᠶᠢᠯᠡᠭᠴᠢ ᠺᠠᠵᠢᠶᠠᠮᠸᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/8/17
                                ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 9᠎ ᠤ ᠴᠠᠬᠢᠯᠭᠠᠨ ᠮᠡᠳᠡᠭᠡ 5 ᠰᠠᠷ᠎ᠠ ᠶᠢᠨ 8᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠦᠸᠠᠨᠳᠠ ᠳᠤ ᠰᠢᠷᠦᠭᠦᠨ ᠪᠣᠷᠣᠭᠠᠨ ᠤ ᠭᠠᠮᠰᠢᠭ ᠪᠣᠯᠤᠭᠰᠠᠨ ᠲᠤᠬᠠᠢ ᠷᠦᠸᠠᠨᠳᠠ ᠶᠢᠨ ᠶᠡᠷᠦᠩᠬᠡᠶᠢᠯᠡᠭᠴᠢ ᠺᠠᠵᠢᠶᠠᠮᠸᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ  ᠃      ᠰᠢ ᠶᠢᠨ ᠫᠢᠩ᠂ ᠣᠶᠢᠷ᠎ᠠ ᠶᠢᠨ ᠡᠳᠦᠷ ᠷᠦᠸᠠᠨᠳᠠ ᠶᠢᠨ ᠤᠯᠠᠨ ᠭᠠᠵᠠᠷ ᠰᠢᠷᠦᠭᠦᠨ ᠪᠣᠷᠣᠭᠠᠨ ᠤ ᠭᠠᠮᠰᠢᠭ ᠲᠤ ᠲᠠᠭᠠᠷᠢᠬᠳᠠᠵᠤ᠂ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠪᠠ ᠡᠳ᠋ ᠬᠥᠷᠥᠩᠭᠡ ᠶᠢᠨ ᠬᠤᠬᠢᠷᠠᠯ ᠭᠠᠷᠴᠠᠢ᠂ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠠᠳᠡᠭᠰᠡᠳ ᠤᠨ ᠭᠡᠷ ᠪᠦᠯᠢ᠂ ᠰᠢᠷᠬᠠᠲᠤᠭᠰᠠᠳ ᠪᠣᠯᠣᠨ ᠭᠠᠮᠰᠢᠭᠳᠠᠭᠰᠠᠨ ᠣᠷᠣᠨ ᠤ ᠠᠷᠠᠳ ᠲᠦᠮᠡᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ᠃ ᠷᠦᠸᠠᠨᠳᠠ ᠯᠠᠪᠲᠠᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠭᠡᠷ ᠣᠷᠣᠨ ᠢᠶᠠᠨ ᠳᠠᠭᠢᠨ ᠪᠠᠶᠢᠭᠤᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号