2023 ᠣᠨ ᠤ ᠠᠯᠠᠱᠠ ᠵᠡᠭᠦᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠲᠥᠰᠦᠯ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/9/6
           ᠶᠠᠭᠤᠨ ᠳᠤ ᠰᠢᠨ᠎ᠡ ᠰᠣᠷᠣᠭᠴᠢ ᠰᠤᠷᠭᠠᠭᠤᠯᠢ ᠳᠤ ᠣᠷᠣᠬᠤ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠪᠣᠶ︖ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠤ ᠶᠠᠮᠠᠷ ᠶᠠᠮᠠᠷ ᠵᠦᠶᠯᠡᠰ ᠢ ᠠᠩᠬᠠᠷᠬᠤ ᠬᠡᠷᠡᠭᠲᠡᠶ ᠪᠣᠶ︖            ᠡᠨᠡ ᠵᠢᠯ᠂ ᠠᠶᠢᠮᠠᠭ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠠᠶᠢᠮᠠᠭ᠂ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ᠂ ᠰᠦᠯᠵᠢᠶᠡᠨ ᠳᠡᠭᠡᠷ᠎ᠡ ︽ᠰᠤᠷᠭᠠᠭᠤᠯᠢ ᠳᠤ ᠣᠷᠣᠬᠤ ᠨᠢᠭᠡ ᠶᠠᠪᠤᠳᠠᠯ︾᠎ ᠢ ᠰᠢᠶᠳᠪᠦᠷᠢᠯᠡᠬᠦ ᠲᠠᠰ ᠳᠠᠷᠠᠭᠠᠯᠠᠯ ᠢ ᠨᠡᠭᠡᠭᠡᠨ ᠠᠬᠢᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃            ᠣᠳᠣᠬᠠᠨ ᠳᠤ᠂ ᠰᠦᠯᠵᠢᠶᠡᠨ ᠳᠡᠭᠡᠷ᠎ᠡ ᠰᠤᠷᠭᠠᠭᠤᠯᠢ ᠳᠤ ᠣᠷᠣᠬᠤ ᠪᠠᠷ ᠨᠡᠷ᠎ᠡ ᠮᠡᠳᠡᠭᠦᠯᠬᠦ ᠳᠤ ᠵᠥᠪᠬᠡᠨ ᠬᠡᠤᠬᠡᠳ ᠤᠨ ᠴᠡᠴᠡᠷᠯᠢᠭ ᠤᠨ ᠪᠠᠭ᠎ᠠ ᠠᠩᠭᠢ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠣᠯᠣᠳᠤᠭᠠᠷ ᠣᠨ ᠤ ᠰᠢᠨ᠎ᠡ ᠰᠤᠷᠤᠭᠴᠢᠳ ᠤᠨ ᠭᠠᠷ ᠤᠲᠠᠰᠤᠨ ᠤ ᠰᠣᠹᠲ ᠪᠤᠶᠤ ᠺᠣᠮᠫᠢᠦ᠋ᠲ᠋ᠧᠷ ᠤᠨ ᠰᠣᠹᠲ ᠫᠷᠤᠭ᠍ᠷᠠᠮ ᠢᠶᠠᠷ ᠨᠡᠷ᠎ᠡ ᠮᠡᠳᠡᠭᠦᠯᠵᠦ ᠪᠦᠷ ᠪᠣᠯᠤᠨ᠎ᠠ᠂ ᠨᠡᠷ᠎ᠡ ᠮᠡᠳᠡᠭᠦᠯᠬᠦ ᠫᠷᠤᠭ᠍ᠷᠠᠮ ᠤᠨ ᠰᠣᠩᠭᠤᠯᠲᠠ ᠶᠢ ᠲᠣᠳᠣᠷᠬᠠᠶ ᠦᠵᠡᠵᠦ᠂ ᠥᠪᠡᠷ ᠤᠨ ᠪᠣᠳᠠᠲᠠᠶ ᠪᠠᠶᠢᠳᠠᠯ ᠢᠶᠠᠨ ᠦᠨᠳᠦᠰᠦᠯᠡᠨ ᠫᠷᠤᠭ᠍ᠷᠠᠮ ᠤᠨ ᠨᠡᠪᠲᠡᠷᠡᠬᠦ ᠵᠠᠮ ᠢ ᠰᠣᠩᠭᠤᠵᠤ ᠪᠣᠯᠤᠨ᠎ᠠ᠃ ᠬᠠᠮᠢᠶ᠎ᠠ ᠪᠥᠬᠦᠶ ᠮᠡᠳᠡᠭᠡ ᠵᠠᠩᠭᠢ᠂ ᠢᠯᠠᠩᠭᠤᠶ᠎ᠠ ᠰᠣᠷᠣᠭᠴᠢ ᠶᠢᠨ ᠣᠪᠣᠭ ᠨᠡᠷ᠎ᠡ᠂ ᠣᠷᠣᠨ ᠰᠠᠭᠤᠴᠠ ᠶᠢᠨ ᠬᠠᠶ᠋ᠢᠭ ᠤᠨ ᠮᠡᠳᠡᠭᠡ ᠵᠠᠩᠭᠢ ᠶᠢ ᠦᠨᠡᠨ ᠪᠣᠳᠠᠲᠠᠶ ᠪᠠᠷ᠂ ᠣᠨᠣᠪᠴᠢᠲᠠᠶ ᠲᠠᠭᠯᠠᠨ ᠪᠢᠴᠢᠬᠦ ᠬᠡᠷᠡᠭᠲᠡᠶ᠃ ᠳᠡᠭᠡᠭᠰᠢ ᠳᠠᠮᠵᠢᠭᠤᠯᠵᠤ ᠲᠤᠰᠢᠶᠠᠭᠰᠠᠨ ᠭᠡᠷᠡᠴᠢᠯᠡᠬᠦ ᠮᠠᠲ᠋ᠧᠷᠢᠶᠠᠯ ᠨᠢ ᠲᠣᠳᠣᠷᠬᠠᠶ ᠪᠠᠶᠢᠵᠤ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠳᠤ ᠲᠥᠬᠦᠮ ᠪᠠᠶᠢᠳᠠᠭ᠃            ᠬᠡᠷᠪᠡ ᠠᠮᠵᠢᠯᠲᠠ ᠲᠠᠢ ᠠᠵᠢᠯᠯᠠᠵᠤ ᠳᠡᠶᠢᠯᠬᠦ ᠥᠬᠡᠶ ᠪᠣᠯ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠣᠷᠣᠭᠴᠢ ᠡᠯᠰᠡᠬᠦ ᠯᠠᠪᠯᠠᠭ᠎ᠠ ᠪᠠ ᠦᠶᠯᠡᠴᠢᠯᠡᠭᠡᠨ ᠤ ᠤᠲᠠᠰᠤ 8222009᠎ ᠶᠢ ᠤᠲᠠᠰᠤᠳᠠᠭᠠᠷᠠᠶ᠃                  ᠶᠠᠭᠤᠨ ᠳᠤ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠳᠤ ᠪᠠᠰᠠ ᠡᠮᠨᠡᠯᠭᠡ ᠶᠢᠨ ᠭᠡᠷᠡᠴᠢᠯᠡᠭᠡ ᠱᠠᠭᠠᠷᠳᠠᠬᠤ ᠶᠤᠮ ᠪᠣᠢ︖            ᠦᠨᠳᠦᠰᠦ ᠪᠠᠷᠢᠮᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾᠎ ᠶᠢᠨ ᠬᠠᠮᠢᠶ᠎ᠠ ᠪᠦᠬᠦᠢ ᠲᠣᠭᠲᠠᠭᠠᠯ᠃ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾᠎ ᠶᠢᠨ ᠠᠷᠪᠠᠨ ᠨᠢᠭᠡᠳᠦᠭᠡᠷ ᠵᠦᠶᠯ ᠳᠤ᠄ ︽ᠪᠦᠬᠦᠯᠢ 6 ᠨᠠᠰᠤ ᠭᠦᠷᠦᠭᠰᠡᠨ ᠬᠡᠤᠬᠡᠳ ᠢ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠨᠢ ᠰᠤᠷᠭᠠᠭᠤᠯᠢ ᠳᠤ ᠣᠷᠣᠭᠤᠯᠵᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠶ᠃ ᠪᠡᠶ᠎ᠡ ᠮᠠᠬᠠᠪᠣᠳ ᠤᠨ ᠪᠠᠶᠢᠳᠠᠯ ᠠᠴᠠ ᠪᠣᠯᠵᠣ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠪᠤᠶᠤ ᠰᠤᠷᠤᠯᠭ᠎ᠠ ᠠᠴᠠ ᠪᠠᠨ ᠲᠦᠷ ᠵᠣᠭᠰᠣᠬᠤ ᠳᠤ ᠭᠦᠷᠪᠡᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ︾ ᠭᠡᠵᠦ ᠲᠣᠳᠣᠷᠬᠠᠶ ᠲᠣᠭᠲᠠᠭᠠᠵᠠᠶ᠃ ᠡᠶᠢᠮᠦ ᠠᠴᠠ ᠪᠢᠳᠡ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠭᠤᠶᠤᠴᠢᠯᠠᠯ ᠢᠶᠠᠨ ᠲᠤᠰᠢᠶᠠᠬᠤ ᠶᠢᠨ ᠬᠠᠮᠲᠤ ᠪᠡᠶ᠎ᠡ ᠶᠢᠨ ᠪᠠᠶᠢᠳᠠᠯ ᠨᠢ ᠰᠤᠷᠭᠠᠭᠤᠯᠢ ᠳᠤ ᠣᠷᠣᠬᠤ ᠳᠤ ᠲᠣᠬᠢᠷᠠᠮᠵᠢ ᠥᠬᠡᠶ ᠡᠮᠨᠡᠯᠭᠡ ᠶᠢᠨ ᠬᠤᠷᠢᠶᠠᠨ ᠤ ᠣᠨᠣᠰᠢᠯᠠᠯᠲᠠ ᠶᠢᠨ ᠭᠡᠷᠡᠴᠢ ᠪᠠᠨ ᠲᠤᠰᠢᠶᠠᠬᠤ ᠬᠡᠷᠡᠭᠲᠡᠶ᠃            ᠪᠢᠳᠡᠨ ᠤ ᠣᠶᠢᠯᠠᠭᠠᠭᠰᠠᠨ ᠢᠶᠠᠷ᠂ ᠬᠡᠰᠡᠭ ᠬᠡᠷ ᠤᠨ ᠠᠬᠠᠮᠠᠳ ᠬᠡᠤᠬᠡᠳ ᠢᠶᠠᠨ ᠬᠡᠤᠬᠡᠳ ᠤᠨ ᠴᠡᠴᠡᠷᠯᠢᠭ ᠲᠤ ᠪᠠᠶᠢᠬᠤ ᠳᠠᠭᠠᠨ ᠳᠡᠮᠡᠶ ᠶᠡᠭᠡ ᠰᠣᠶᠣᠯ ᠮᠡᠳᠡᠯᠭᠡ ᠡᠵᠡᠮᠰᠢᠭᠰᠡᠨ ᠥᠬᠡᠶ᠂ ᠪᠠᠭ᠎ᠠ ᠰᠤᠷᠭᠠᠭᠤᠯᠢ ᠳᠤ ᠣᠷᠣᠬᠤ ᠨᠢ ᠪᠤᠰᠤᠳ ᠬᠡᠤᠬᠡᠳ ᠢ ᠳᠠᠭᠠᠵᠤ ᠠᠮᠵᠢᠬᠤ ᠥᠬᠡᠶ ᠠᠴᠠ ᠪᠣᠯᠵᠣ ᠰᠠᠶ᠋ᠢ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠪᠣᠳᠣᠯ ᠲᠠᠢ ᠪᠣᠯᠤᠨ᠎ᠠ ᠭᠡᠵᠦ ᠰᠠᠨᠠᠭᠠᠰᠢᠷᠠᠵᠤ ᠪᠠᠶᠢᠨ᠎ᠠ᠃ ᠦᠨᠡᠨ ᠳᠡᠭᠡᠨ ᠬᠡᠦᠬᠡᠳ ᠤᠨ ᠴᠡᠴᠡᠷᠯᠢᠭ ᠤᠨ ᠦᠶ᠎ᠡ ᠳᠤ ᠪᠢᠳᠡ ᠪᠠᠭ᠎ᠠ ᠰᠤᠷᠭᠠᠭᠤᠯᠢ ᠳᠤ ᠣᠴᠢᠬᠤ ᠶᠢ ᠴᠢᠬᠤᠯᠠᠴᠢᠯᠠᠵᠤ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠳᠤ ᠡᠷᠬᠡᠪᠰᠢ ᠡᠬᠢᠯᠡᠯᠲᠡ ᠶᠢᠨ ᠴᠡᠭ ᠦᠭᠡᠢ ᠪᠠᠷ ᠵᠢᠭᠠᠨ ᠰᠤᠷᠭᠠᠬᠤ ᠬᠡᠷᠡᠭᠲᠡᠶ ᠪᠥᠭᠡᠳ ᠰᠤᠷᠭᠠᠭᠤᠯᠢ ᠳᠤ ᠣᠷᠣᠬᠤ ᠳᠤ ᠵᠣᠬᠢᠴᠠᠬᠤ ᠰᠤᠷᠭᠠᠨ ᠬᠥᠮᠦᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠳᠠᠭ᠂ ᠡᠳᠡᠭᠡᠷ ᠭᠡᠷ ᠤᠨ ᠠᠬᠠᠮᠠᠳ ᠡᠭᠦᠨ ᠤ ᠲᠥᠯᠥᠭᠡ ᠰᠠᠨᠠᠭ᠎ᠠ ᠵᠣᠪᠠᠭ᠋ᠤ ᠬᠡᠷᠡᠭ ᠦᠭᠡᠢ ᠶᠤᠮ᠃            ᠵᠡᠭᠦᠨ ᠬᠤᠲᠠ ᠶᠢᠨ ᠲᠣᠭᠤᠷᠢᠭ ᠤᠨ ᠬᠡᠤᠬᠡᠳ ᠤᠨ ᠳᠥᠷᠪᠡᠳᠦᠭᠡᠷ ᠴᠡᠴᠡᠷᠯᠢᠭ ᠢ ᠨᠡᠭᠦᠯᠭᠡᠭᠰᠡᠨ ᠤ ᠳᠠᠷᠠᠭ᠎ᠠ᠂ ᠤᠤᠯ ᠨᠢ ᠬᠡᠤᠬᠡᠳ ᠤᠨ ᠳᠥᠷᠪᠡᠳᠦᠭᠡᠷ ᠴᠡᠴᠡᠷᠯᠢᠭ ᠤᠨ ᠰᠤᠷᠭᠠᠭᠤᠯᠢ ᠳᠤ ᠰᠤᠷᠤᠯᠴᠠᠵᠤ ᠪᠠᠶᠢᠭᠰᠠᠨ ᠳᠤᠮᠳᠠ ᠠᠩᠭᠢ᠂ ᠶᠡᠭᠡ ᠠᠩᠭᠢ ᠳᠤ ᠳᠡᠪᠰᠢᠬᠦ ᠬᠡᠦᠬᠡᠳ ᠢ ᠬᠡᠷᠬᠢᠨ ᠲᠣᠬᠢᠷᠠᠭᠤᠯᠬᠤ ᠪᠤᠶ︖ ᠡᠨᠡ ᠵᠢᠯ ᠶᠠᠭᠤᠨ ᠤ ᠤᠴᠢᠷ ᠠᠴᠠ ᠶᠢᠰᠦᠳᠦᠭᠡᠷ ᠪᠠᠭ᠎ᠠ ᠰᠤᠷᠭᠠᠭᠤᠯᠢ᠂ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ᠂ ᠵᠢᠷᠭᠤᠳᠤᠭᠠᠷ ᠪᠠᠭ᠎ᠠ ᠰᠤᠷᠭᠠᠭᠤᠯᠢ ᠶᠢᠨ ᠲᠣᠭᠤᠷᠢᠭ ᠤᠨ ᠰᠤᠷᠤᠭᠴᠢᠳ ᠢ ᠪᠠᠷᠠᠭᠤᠨ ᠬᠤᠲᠠ ᠶᠢᠨ ᠲᠣᠭᠤᠷᠢᠭ ᠤᠨ ᠬᠡᠳᠦᠨ ᠪᠠᠭ᠎ᠠ ᠰᠤᠷᠭᠠᠭᠤᠯᠢ ᠳᠤ ᠰᠤᠷᠤᠯᠴᠠᠭᠤᠯᠬᠤ ᠪᠠᠷ ᠭᠤᠶᠤᠴᠢᠯᠠᠵᠤ ᠪᠣᠯᠤᠨ᠎ᠠ ᠭᠡᠵᠦ ᠲᠣᠭᠲᠠᠭᠠᠭᠰᠠᠨ ᠪᠤᠢ︖            ᠪᠠᠶᠢᠷᠢᠯᠠᠭᠤᠯᠤᠯᠲᠠ ᠶᠢᠨ ᠲᠣᠬᠢᠷᠠᠭᠤᠯᠤᠯᠲᠠ ᠠᠴᠠ ᠪᠣᠯᠵᠣ᠂ ᠳᠥᠷᠪᠡᠳᠦᠭᠡᠷ ᠬᠡᠤᠬᠡᠳ ᠤᠨ ᠴᠡᠴᠡᠷᠯᠢᠭ ᠪᠣᠯᠤᠨ ᠡᠷᠡᠨ ᠵᠠᠭᠤᠨ ᠤ ᠨᠡᠷᠡᠨ ᠭᠡᠷᠡᠯᠲᠦ ᠬᠡᠤᠬᠡᠳ ᠤᠨ ᠴᠡᠴᠡᠷᠯᠢᠭ ᠢ ᠨᠡᠭᠦᠯᠭᠡᠬᠦ ᠪᠠᠷ ᠪᠠᠶᠢᠨ᠎ᠠ᠂ ᠳᠤᠮᠳᠠ ᠠᠩᠭᠢ᠂ ᠲᠣᠮᠣ ᠠᠩᠭᠢ ᠶᠢᠨ ᠬᠡᠤᠬᠡᠳ ᠤᠨ ᠲᠤᠬᠠᠶ ᠪᠢᠳᠡ ᠨᠢᠭᠡᠨᠲᠡ ᠨᠠᠷᠢᠨ ᠨᠢᠮᠪᠠᠶ ᠲᠥᠯᠥᠪᠯᠡᠭᠡ ᠬᠢᠭᠰᠡᠨ ᠪᠠᠶᠢᠨ᠎ᠠ᠄            ᠡᠷᠡᠨ ᠵᠠᠭᠤᠨ ᠤ ᠨᠡᠷᠡᠨ ᠭᠡᠷᠡᠯᠲᠦ ᠬᠡᠤᠬᠡᠳ ᠤᠨ ᠴᠡᠴᠡᠷᠯᠢᠭ ᠨᠢ ᠤᠤᠯ ᠤᠨ ᠬᠡᠤᠬᠡᠳ ᠤᠨ ᠳᠥᠷᠪᠡᠳᠦᠭᠡᠷ ᠴᠡᠴᠡᠷᠯᠢᠭ ᠲᠤ ᠣᠷᠣᠬᠤ ᠶᠢ ᠤᠷᠢᠳ ᠢᠶᠠᠷ ᠭᠥᠯᠢᠶᠡᠨ ᠠᠪᠴᠤ᠂ ᠠᠰᠠᠷᠠᠨ ᠬᠥᠮᠦᠵᠢᠭᠦᠯᠬᠦ ᠵᠠᠷᠤᠳᠠᠯ ᠪᠠ ᠬᠤᠭᠤᠯᠠᠨ ᠤ ᠵᠠᠷᠤᠳᠠᠯ ᠤᠨ ᠰᠦᠶᠳᠬᠡᠯ ᠬᠤᠷᠢᠶᠠᠬᠤ ᠪᠠᠷᠢᠮᠵᠢᠶ᠎ᠠ ᠶᠢ ᠴᠥᠮ ᠳᠡᠭᠡᠭᠰᠢᠯᠡᠭᠦᠯᠬᠦ ᠥᠬᠡᠶ᠂ ᠬᠤᠭᠤᠯᠠᠨ ᠤ ᠪᠠᠷᠢᠮᠵᠢᠶ᠎ᠠ ᠶᠢ ᠪᠠᠭᠤᠷᠠᠭᠤᠯᠬᠤ ᠥᠬᠡᠶ᠃ ᠳᠥᠷᠪᠡᠳᠦᠭᠡᠷ ᠬᠡᠦᠬᠡᠳ ᠤᠨ ᠴᠡᠴᠡᠷᠯᠢᠭ ᠨᠢ ᠪᠠᠷᠠᠭᠤᠨ ᠬᠤᠲᠠ ᠶᠢᠨ ᠲᠣᠭᠤᠷᠢᠭ ᠤᠨ ᠡᠷᠡᠨ ᠵᠠᠭᠤᠨ ᠤ ᠨᠡᠷᠡᠨ ᠭᠡᠷᠡᠯᠲᠦ ᠬᠡᠦᠬᠡᠳ ᠤᠨ ᠴᠡᠴᠡᠷᠯᠢᠭ ᠲᠤ ᠦᠯᠡᠳᠡᠭᠡᠭᠰᠡᠨ ᠬᠡᠦᠬᠡᠳ ᠢ ᠴᠡᠴᠡᠷᠯᠢᠭ ᠲᠤ ᠣᠷᠣᠭᠤᠯᠵᠤ᠂ ᠬᠡᠤᠬᠡᠳ ᠤᠨ ᠳᠥᠷᠪᠡᠳᠦᠭᠡᠷ ᠴᠡᠴᠡᠷᠯᠢᠭ ᠪᠠ ᠡᠷᠡᠨ ᠵᠠᠭᠤᠨ ᠤ ᠨᠡᠷᠡᠨ ᠭᠡᠷᠡᠯᠲᠦ ᠬᠡᠤᠬᠡᠳ ᠤᠨ ᠴᠡᠴᠡᠷᠯᠢᠭ ᠪᠣᠯ ᠬᠤᠤᠰᠯᠠᠯ ᠪᠠᠶᠢᠭᠤᠯᠤᠨ ᠬᠠᠮᠲᠤ ᠪᠠᠷ ᠪᠠᠶᠢᠭᠤᠯᠬᠤ ᠨᠢᠭᠡᠴᠡ ᠪᠠᠶᠢᠵᠤ᠂ ᠳᠥᠷᠪᠡᠳᠦᠭᠡᠷ ᠬᠡᠤᠬᠡᠳ ᠤᠨ ᠴᠡᠴᠡᠷᠯᠢᠭ ᠤᠨ ᠨᠢᠭᠡ ᠪᠦᠯᠦᠭ ᠭᠤᠤᠯᠯᠠᠭᠴᠢ ᠪᠠᠭᠰᠢ ᠶᠢ ᠳᠣᠭᠢᠷᠠᠭᠤᠯᠤᠨ᠂ ᠡᠷᠡᠨ ᠵᠠᠭᠤᠨ ᠤ ᠨᠡᠷᠡᠨ ᠭᠡᠷᠡᠯᠲᠦ ᠬᠡᠤᠬᠡᠳ ᠤᠨ ᠴᠡᠴᠡᠷᠯᠢᠭ ᠲᠤ ᠬᠦᠷᠴᠦ ᠳᠤᠮᠳᠠ ᠠᠩᠭᠢ ᠪᠠ ᠶᠡᠭᠡ ᠠᠩᠭᠢ ᠶᠢᠨ ᠠᠰᠠᠷᠠᠨ ᠬᠥᠮᠦᠵᠢᠭᠦᠯᠬᠦ ᠠᠵᠢᠯ ᠢ ᠡᠭᠦᠷᠭᠡᠯᠡᠭᠦᠯᠵᠦ᠂ ᠡᠨᠡ ᠬᠤᠶᠠᠷ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠤᠨ᠎ᠠ᠃            ᠡᠮᠦᠨᠡᠬᠢ ᠬᠤᠭᠤᠴᠠᠭᠠᠨ ᠳᠤ ᠡᠯ᠎ᠡ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠲᠣᠭᠤᠷᠢᠭ ᠤᠨ ᠬᠡᠪᠴᠢᠶᠡᠨ ᠳᠠᠬᠢ ᠰᠤᠷᠬᠤ ᠨᠠᠰᠤᠨ ᠤ ᠰᠣᠷᠣᠭᠴᠢ ᠶᠢᠨ ᠲᠠᠷᠬᠠᠯᠲᠠ ᠶᠢᠨ ᠪᠠᠶᠢᠳᠠᠯ ᠢ ᠣᠶᠢᠯᠠᠭᠠᠭᠰᠠᠨ ᠪᠠᠶᠢᠳᠠᠯ ᠠᠴᠠ ᠦᠵᠡᠪᠡᠯ᠂ ᠶᠢᠰᠦᠳᠦᠭᠡᠷ ᠪᠠᠭ᠎ᠠ ᠰᠤᠷᠭᠠᠭᠤᠯᠢ᠂ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ᠂ ᠵᠢᠷᠭᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠲᠣᠭᠤᠷᠢᠭ ᠲᠠᠬᠢ ᠰᠤᠷᠬᠤ ᠨᠠᠰᠤᠨ ᠤ ᠰᠣᠷᠣᠭᠴᠢ ᠶᠢᠨ ᠲᠤᠭ᠎ᠠ ᠨᠢ ᠲᠥᠯᠥᠪᠯᠡᠭᠡ ᠪᠠᠷ ᠰᠣᠷᠣᠭᠴᠢ ᠡᠯᠰᠡᠬᠦ ᠠᠩᠭᠢ ᠶᠢᠨ ᠲᠤᠭ᠎ᠠ ᠠᠴᠠ ᠳᠠᠪᠠᠭᠰᠠᠨ ᠪᠠᠶᠢᠬᠤ ᠳᠤ᠂ ᠪᠠᠷᠠᠭᠤᠨ ᠬᠤᠲᠠ ᠶᠢᠨ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ᠂ ᠢ ᠹᠦ᠋ ᠰᠤᠷᠭᠠᠭᠤᠯᠢ ᠳᠠᠭᠠᠨ ᠪᠤᠴᠠᠬᠤ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠲᠣᠭᠤᠷᠢᠭ ᠤᠨ ᠬᠡᠪᠴᠢᠶᠡᠨ ᠳᠠᠬᠢ ᠰᠤᠷᠬᠤ ᠨᠠᠰᠤᠨ ᠤ ᠰᠣᠷᠣᠭᠴᠢ ᠬᠠᠷᠢᠨ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠳᠤ ᠬᠦᠷᠴᠦ ᠳᠡᠶᠢᠯᠬᠦ ᠥᠬᠡᠶ ᠪᠠᠶᠢᠨ᠎ᠠ᠃ ᠡᠶᠢᠮᠦ ᠠᠴᠠ ᠡᠶᠡᠳᠡᠭᠦᠯᠬᠦ ᠲᠥᠷᠥ ᠶᠢᠨ ᠪᠣᠳᠣᠯᠭ᠎ᠠ ᠨᠡᠶᠢᠲᠡᠯᠡᠵᠦ᠂ ᠶᠢᠰᠦᠳᠦᠭᠡᠷ ᠪᠠᠭ᠎ᠠ ᠰᠤᠷᠭᠠᠭᠤᠯᠢ᠂ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ᠂ ᠵᠢᠷᠭᠤᠳᠤᠭᠠᠷ ᠪᠠᠭ᠎ᠠ ᠰᠤᠷᠭᠠᠭᠤᠯᠢ ᠶᠢᠨ ᠨᠥᠬᠦᠴᠡᠯ ᠳᠤ ᠨᠡᠶᠢᠴᠡᠬᠦ ᠰᠣᠷᠣᠭᠴᠢ ᠶᠢᠨ ᠬᠡᠤᠬᠡᠳ ᠢᠶᠠᠨ ᠨᠠᠰᠤᠲᠠᠨ ᠢᠶᠠᠷ ᠬᠠᠷᠠᠭᠠᠯᠵᠠᠭᠤᠯᠬᠤ ᠪᠤᠶᠤ ᠬᠡᠷ ᠤᠨ ᠠᠬᠠᠮᠠᠳ ᠨᠢ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠳᠤ ᠲᠣᠰᠴᠤ ᠬᠦᠷᠭᠡᠬᠦ ᠳᠤ ᠲᠥᠬᠦᠮ ᠵᠡᠷᠭᠡ ᠰᠢᠯᠲᠠᠭᠠᠨ ᠠᠴᠠ ᠪᠣᠯᠵᠣ᠂ ᠪᠠᠷᠠᠭᠤᠨ ᠬᠤᠲᠠ ᠶᠢᠨ ᠲᠣᠭᠤᠷᠢᠭ ᠤᠨ 3 ᠪᠠᠭ᠎ᠠ ᠰᠤᠷᠭᠠᠭᠤᠯᠢ ᠳᠤ ᠰᠤᠷᠤᠯᠴᠠᠬᠤ ᠪᠠᠷ ᠭᠤᠶᠤᠴᠢᠯᠠᠵᠤ ᠪᠣᠯᠤᠨ᠎ᠠ᠂ ᠭᠡᠪᠡᠴᠦ ᠵᠥᠪᠬᠡᠨ ᠡᠨᠡ 3 ᠰᠤᠷᠭᠠᠭᠤᠯᠢ ᠳᠤ ᠯᠠ ᠬᠢᠵᠠᠭᠠᠷᠯᠠᠭᠳᠠᠨ᠎ᠠ᠃
           ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠳ᠋ᠦᠸᠧ ᠱᠸᠦ       ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ᠄            2023 ᠣᠨ ᠤ ᠠᠯᠠᠱᠠ ᠵᠡᠭᠦᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠲᠥᠰᠦᠯ                         
 
ᠢᠷᠡᠯᠲᠡ᠄ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号