| | | | | ᠠᠯᠠᠱᠠ ᠵᠡᠭᠦᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠤᠭᠴᠢ | ᠡᠯᠰᠡᠬᠦ ᠬᠠᠮᠢᠶᠠᠷᠤᠯᠲᠠ ᠶᠢᠨ ᠳᠦᠷᠢᠮ ᠪᠣᠯᠤᠨ ᠰᠤᠷᠤᠭᠴᠢ ᠡᠯᠰᠡᠬᠦ ᠡᠮᠬᠢ ᠳᠢᠭᠯᠢᠮ ᠢ ᠤᠯᠠᠮ ᠵᠢᠷᠤᠮᠵᠢᠭᠤᠯᠬᠤ ᠶᠢᠨ | ᠲᠥᠯᠥᠭᠡ᠂ ᠰᠤᠷᠤᠭᠴᠢ ᠡᠯᠰᠡᠬᠦ ᠠᠵᠢᠯ ᠤᠨ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ ᠪᠠᠶᠢᠬᠤ ᠶᠢ | ᠪᠠᠲᠤᠯᠠᠵᠤ᠂ ᠨᠥᠬᠦᠴᠡᠯ ᠳᠤ ᠨᠡᠶᠢᠴᠡᠬᠦ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠤᠨ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠬᠠᠤᠯᠢ | ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ︽ᠬᠡᠤᠬᠡᠳ ᠤᠨ ᠴᠡᠴᠡᠷᠯᠢᠭ ᠤᠨ ᠠᠵᠢᠯ ᠤᠨ ᠲᠦᠷᠢᠮ︾ | ︽ᠵᠡᠮᠳᠡᠭᠴᠦᠳ ᠤᠨ ᠰᠤᠷᠭᠠᠨ ᠬᠥᠮᠦᠵᠢᠯ ᠤᠨ ᠲᠦᠷᠢᠮ︾ ᠪᠣᠯᠤᠨ ︽ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ | ᠰᠣᠷᠣᠭᠴᠢ ᠡᠯᠰᠡᠬᠦ ᠠᠵᠢᠯ ᠢ ᠤᠯᠠᠮ ᠰᠠᠶᠢᠲᠤᠷ ᠬᠢᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠠᠯᠪᠠᠨ | ᠲᠢᠩᠬᠢᠮ ᠤᠨ ᠮᠡᠳᠡᠭᠳᠡᠯ︾ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ | ᠬᠠᠮᠢᠶᠠᠷᠤᠯᠲᠠ ᠶᠢᠨ ᠠᠵᠢᠯ ᠢ ᠴᠢᠩᠭ᠎ᠠ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ | ᠲᠣᠭᠲᠠᠭᠠᠪᠠ᠃ | ᠨᠢᠭᠡ᠂ ᠰᠤᠷᠤᠭᠴᠢ ᠡᠯᠰᠡᠬᠦ ᠵᠠᠷᠴᠢᠮ | ᠰᠢᠯᠭᠠᠬᠤ ᠥᠬᠡᠶ ᠪᠠᠷ ᠬᠡᠷ ᠣᠶᠢᠷᠠᠯᠴᠠᠭ᠎ᠠ ᠬᠡᠰᠡᠭ ᠬᠤᠪᠢᠶᠠᠨ ᠰᠤᠷᠭᠠᠭᠤᠯᠢ ᠳᠤ ᠣᠷᠣᠭᠤᠯᠬᠤ᠂ ᠢᠯᠡ ᠪᠠᠷ | ᠰᠣᠷᠣᠭᠴᠢ ᠡᠯᠰᠡᠬᠦ᠂ ᠢᠯᠡ ᠪᠠᠷ ᠠᠩᠭᠢ ᠬᠤᠪᠢᠶᠠᠬᠤ᠂ ᠲᠥᠯᠥᠪᠯᠡᠭᠡ ᠶᠣᠰᠣᠭᠠᠷ ᠰᠣᠷᠣᠭᠴᠢ ᠡᠯᠰᠡᠬᠦ ᠪᠠ | ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ | ︽ᠪᠦᠬᠦᠨ ᠢ ᠬᠠᠮᠤᠷᠬᠤ᠂ ᠣᠭᠲᠣ ᠥᠯᠥ ᠵᠥᠪᠰᠢᠶᠡᠷᠡᠬᠦ︾ ᠵᠠᠷᠴᠢᠮ ᠢ ᠪᠠᠷᠢᠮᠲᠠᠯᠠᠵᠤ᠂ ᠳᠤᠮᠳᠠᠳᠤ ᠪᠠᠭ᠎ᠠ | ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠤᠨ ᠡᠮᠬᠢ | ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠨ᠎ᠠ᠃ | ︵ᠨᠢᠭᠡ︶ ᠬᠡᠦᠬᠡᠳ ᠤᠨ ᠴᠡᠴᠡᠷᠯᠢᠭ | 1. ᠨᠠᠰᠤᠨ ᠳᠠᠭᠠᠨ ᠴᠡᠴᠡᠷᠯᠢᠭ ᠲᠤ ᠣᠷᠣᠨ᠎ᠠ᠃ ᠬᠡᠤᠬᠡᠳ ᠤᠨ ᠴᠡᠴᠡᠷᠯᠢᠭ ᠤᠨ ᠰᠤᠷᠬᠤ ᠨᠠᠰᠤᠨ ᠤ ᠬᠡᠤᠬᠡᠳ | ᠡᠩ ᠤᠨ ᠪᠠᠶᠢᠳᠠᠯ ᠳᠤ 3 — 6 ᠪᠦᠬᠦᠯᠢ ᠨᠠᠰᠤ ᠪᠠᠶᠢᠵᠤ᠂ ᠬᠡᠤᠬᠡᠳ ᠤᠨ ᠴᠡᠴᠡᠷᠯᠢᠭ ᠤᠨ ᠪᠠᠭ᠎ᠠ ᠠᠩᠭᠢ ᠶᠢ | ᠴᠡᠴᠡᠷᠯᠢᠭ ᠲᠤ ᠣᠷᠣᠭᠤᠯᠬᠤ ᠳᠤ ᠪᠦᠬᠦᠯᠢ 3 ᠨᠠᠰᠤ ︵ᠳᠠᠷᠤᠶ 2020 ᠣᠨ ᠤ 8 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ ᠲᠥᠷᠥᠭᠰᠡᠨ︶ ᠪᠠᠶᠢᠬᠤ ᠬᠡᠷᠡᠭᠲᠡᠶ᠂ ᠨᠠᠰᠤᠨ ᠳᠤ ᠬᠦᠷᠦᠭᠡᠳᠦᠢ ᠬᠡᠤᠬᠡᠳ ᠢ ᠴᠡᠴᠡᠷᠯᠢᠭ ᠲᠤ | ᠡᠯᠰᠡᠵᠦ ᠪᠣᠯᠬᠤ ᠥᠬᠡᠶ᠃ | 2. ᠰᠢᠯᠭᠠᠭᠤᠯᠬᠤ ᠥᠬᠡᠶ ᠪᠠᠷ ᠴᠡᠴᠡᠷᠯᠢᠭ ᠲᠤ ᠣᠷᠣᠭᠤᠯᠤᠨ᠎ᠠ᠃ ᠬᠡᠤᠬᠡᠳ ᠤᠨ ᠴᠡᠴᠡᠷᠯᠢᠭ ᠤᠨ ᠰᠣᠷᠣᠭᠴᠢ | ᠡᠯᠰᠡᠬᠦ ᠳᠤ ᠰᠢᠯᠭᠠᠬᠤ ᠥᠬᠡᠶ ᠪᠠᠷ ᠬᠡᠤᠬᠡᠳ ᠤᠨ ᠴᠡᠴᠡᠷᠯᠢᠭ ᠲᠤ ᠣᠷᠣᠬᠤ ᠶᠢ ᠬᠡᠷᠡᠭᠵᠢᠭᠦᠯᠦᠨ᠎ᠡ᠂ ︽ᠬᠡᠤᠬᠡᠳ ᠤᠨ | ᠴᠡᠴᠡᠷᠯᠢᠭ ᠤᠨ ᠠᠵᠢᠯ ᠤᠨ ᠲᠦᠷᠢᠮ︾ ᠢ ᠦᠨᠳᠦᠰᠦᠯᠡᠪᠡᠯ᠂ ᠬᠡᠤᠬᠡᠳ ᠤᠨ ᠴᠡᠴᠡᠷᠯᠢᠭ ᠢ ᠡᠩ ᠤᠨ ᠬᠡᠤᠬᠡᠳ ᠤᠨ | ᠴᠡᠴᠡᠷᠯᠢᠭ ᠲᠤ ᠣᠷᠣᠬᠤ ᠠᠴᠠ ᠡᠮᠦᠨ᠎ᠡ᠂ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠲᠣᠭᠲᠠᠭᠠᠭᠰᠠᠨ ᠡᠷᠡᠭᠦᠯ | ᠬᠠᠮᠠᠭᠠᠯᠠᠯ ᠡᠷᠡᠭᠦᠯᠵᠢᠯ ᠤᠨ ᠲᠦᠷᠢᠮ ᠶᠣᠰᠣᠭᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠬᠢᠷᠢ ᠲᠡᠩᠴᠡᠭᠰᠡᠳ ᠢ | ᠰᠠᠶ᠋ᠢ ᠬᠡᠤᠬᠡᠳ ᠤᠨ ᠴᠡᠴᠡᠷᠯᠢᠭ ᠲᠤ ᠣᠷᠣᠭᠤᠯᠵᠤ ᠪᠣᠯᠤᠨ᠎ᠠ᠃ ᠨᠢᠯᠬ᠎ᠠ ᠬᠡᠦᠬᠡᠳ ᠪᠠ ᠭᠡᠷ ᠤᠨ ᠠᠬᠠᠮᠠᠳ ᠲᠤ | ᠶᠠᠮᠠᠷᠪᠠ ᠪᠤᠰᠤᠳ ᠬᠡᠯᠪᠡᠷᠢ ᠶᠢᠨ ᠰᠢᠯᠭᠠᠯᠲᠠ ᠪᠤᠶᠤ ᠰᠢᠯᠭᠠᠨ ᠪᠠᠶᠢᠴᠠᠭᠠᠯᠲᠠ ᠬᠢᠵᠦ ᠪᠣᠯᠬᠤ ᠦᠭᠡᠢ᠃ | 3. ᠬᠠᠮᠲᠤ ᠪᠠᠷ ᠡᠯᠰᠡᠬᠦ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤ ᠦᠶ᠎ᠡ ᠳᠤ | ᠠᠯᠪᠠᠨ ᠠᠴᠠ ᠡᠷᠭᠢᠯᠡᠬᠦ᠂ ᠠᠷᠠᠳ ᠠᠴᠠ ᠡᠷᠭᠢᠯᠡᠬᠦ ᠶᠢ ᠵᠡᠷᠭᠡ ᠳᠤᠨᠢ ᠴᠢᠬᠤᠯᠠᠴᠢᠯᠠᠬᠤ ᠪᠠᠷ ᠳᠡᠮᠵᠢᠨ ᠰᠤᠷᠬᠤ | ᠨᠠᠰᠤᠨ ᠤ ᠬᠡᠤᠬᠡᠳ ᠤᠨ ᠴᠡᠴᠡᠷᠯᠢᠭ ᠲᠤ ᠣᠷᠣᠬᠤ ᠳᠤ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ | ᠪᠡᠶ᠎ᠡ ᠪᠠᠨ ᠳᠠᠭᠠᠭᠠᠵᠤ ᠰᠣᠷᠣᠭᠴᠢ ᠡᠯᠰᠡᠬᠦ ᠶᠢ ᠨᠢᠭᠡᠳᠦᠯᠲᠡᠶ ᠰᠣᠷᠣᠭᠴᠢ ᠡᠯᠰᠡᠬᠦ ᠬᠠᠮᠢᠶᠠᠷᠤᠯᠲᠠ ᠳᠤ ᠣᠷᠣᠭᠤᠯᠵᠤ᠂ | ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠯᠦᠭᠡ ᠠᠳᠠᠯᠢᠬᠠᠨ᠃ | ︵ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ | 1.ᠪᠦᠬᠦᠯᠢ ᠨᠠᠰᠤᠨ ᠳᠤᠨᠢ ᠰᠤᠷᠭᠠᠭᠤᠯᠢ ᠳᠤ ᠣᠷᠣᠬᠤ᠃ ᠪᠠᠭ᠎ᠠ ᠰᠤᠷᠭᠠᠭᠤᠯᠢ ᠶᠢᠨ ᠨᠠᠮᠤᠷ ᠤᠨ ᠤᠯᠠᠷᠢᠯ ᠳᠤ | ᠡᠯᠰᠡᠬᠦ ᠨᠢᠭᠡᠳᠦᠭᠡᠷ ᠣᠨ ᠤ ᠰᠢᠨ᠎ᠡ ᠰᠣᠷᠣᠭᠴᠢ ᠶᠢᠨ ᠨᠠᠰᠤ ᠨᠢ ᠡᠷᠬᠡᠪᠰᠢ ᠪᠦᠬᠦᠯᠢ 6 ᠨᠠᠰᠤ ︵ᠲᠤᠬᠠᠶᠢᠯᠠᠪᠠᠯ | 2017 ᠣᠨ ᠤ 8 ᠰᠠᠷ᠎ᠠ ᠶᠢᠨ 31 ᠤ ᠡᠳᠦᠷ ᠠᠴᠠ ᠡᠮᠦᠨ᠎ᠡ ᠲᠥᠷᠥᠭᠰᠡᠨ︶ ᠬᠦᠷᠴᠦ᠂ ᠡᠯ᠎ᠡ ᠪᠠᠭ᠎ᠠ | ᠰᠤᠷᠭᠠᠭᠤᠯᠢ ᠨᠤᠭᠤᠳ ᠶᠠᠮᠠᠷᠪᠠ ᠰᠢᠯᠲᠠᠭ ᠢᠶᠠᠷ ᠨᠠᠰᠤᠨ ᠳᠤ ᠭᠦᠷᠦᠭᠡᠳᠦᠶ ᠬᠡᠤᠬᠡᠳ ᠢ ᠡᠯᠰᠡᠵᠦ ᠰᠤᠷᠭᠠᠭᠤᠯᠢ ᠳᠤ | ᠣᠷᠣᠭᠤᠯᠵᠤ ᠪᠣᠯᠬᠤ ᠥᠬᠡᠶ᠃ | 2. ᠣᠶᠢᠷ᠎ᠠ ᠬᠠᠪᠢ ᠳᠠᠭᠠᠨ ᠰᠢᠯᠭᠠᠬᠤ ᠥᠬᠡᠶ ᠪᠠᠷ ᠰᠢᠯᠭᠠᠬᠤ᠃ ᠰᠤᠷᠭᠠᠨ ᠬᠥᠮᠦᠵᠢᠯ ᠤᠨ ᠶᠠᠮᠤᠨ ᠤ ᠬᠡᠷ | ᠣᠶᠢᠷᠠᠯᠴᠠᠭ᠎ᠠ ᠰᠤᠷᠭᠠᠭᠤᠯᠢ ᠳᠤ ᠣᠷᠣᠬᠤ ᠦᠨᠳᠦᠰᠦᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠢᠯᠭᠠᠯᠲᠠ ᠬᠢᠬᠦ ᠥᠬᠡᠶ ᠪᠠᠷ ᠰᠤᠷᠭᠠᠭᠤᠯᠢ ᠳᠤ ᠣᠷᠣᠬᠤ ᠲᠣᠭᠲᠠᠭᠠᠯ ᠢ ᠴᠢᠩᠭ᠎ᠠ | ᠵᠢᠷᠤᠮᠯᠠᠬᠤ ᠪᠥᠭᠡᠳ ᠪᠥᠬᠦ ᠲᠠᠯ᠎ᠠ ᠪᠠᠷ ᠰᠤᠷᠤᠭᠴᠢ ᠡᠯᠰᠡᠬᠦ ᠳᠤ ︽ᠣᠶᠢᠷ᠎ᠠ ᠬᠠᠪᠢ ᠶᠢᠨ ᠵᠠᠷᠴᠢᠮ︾ ᠪᠠ ︽ | ᠬᠠᠷᠢᠴᠠᠩᠭᠤᠶ ᠪᠠᠷ ᠣᠶᠢᠷ᠎ᠠ ᠬᠠᠪᠢ ᠶᠢᠨ ᠵᠠᠷᠴᠢᠮ︾ ᠢ ᠬᠡᠷᠡᠭᠵᠢᠭᠦᠯᠦᠨ᠎ᠡ ︵︽ᠣᠶᠢᠷ᠎ᠠ ᠬᠠᠪᠢ ᠶᠢᠨ ᠵᠠᠷᠴᠢᠮ︾ | ᠭᠡᠳᠡᠭ ᠨᠢ ᠬᠡᠷ ᠪᠦᠯᠢ ᠶᠢᠨ ᠰᠠᠭᠤᠭ᠎ᠠ ᠭᠠᠵᠠᠷ ᠤᠨ ᠰᠤᠷᠭᠠᠭᠤᠯᠢ ᠶᠢᠨ ᠲᠣᠭᠤᠷᠢᠭ ᠲᠤ ᠪᠠᠶᠢᠭ᠎ᠠ ᠰᠤᠷᠭᠠᠭᠤᠯᠢ ᠶᠢᠨ | ᠰᠤᠷᠭᠠᠭᠤᠯᠢ ᠳᠤ ᠣᠷᠣᠵᠤ ᠰᠤᠷᠤᠯᠴᠠᠬᠤ ᠶᠢ ᠵᠢᠭᠠᠵᠤ ᠪᠣᠶ᠃ ︽ᠬᠠᠷᠢᠴᠠᠩᠭᠤᠶ ᠪᠠᠷ ᠦᠢᠷ᠎ᠠ ᠬᠠᠪᠢ ᠶᠢᠨ ᠵᠠᠷᠴᠢᠮ︾ | ᠭᠡᠳᠡᠭ ᠨᠢ ᠬᠡᠷᠪᠡ ᠪᠠᠶᠢᠭ᠎ᠠ ᠰᠤᠷᠭᠠᠭᠤᠯᠢ ᠶᠢᠨ ᠲᠣᠭᠤᠷᠢᠭ ᠤᠨ ᠡᠷᠳᠡᠮ ᠤᠨ ᠴᠣᠯᠠ ᠨᠢ ᠳᠦᠭᠦᠷᠦᠭᠰᠡᠨ ᠪᠠᠶᠢᠪᠠᠯ᠂ | ᠪᠠᠶᠢᠭ᠎ᠠ ᠰᠤᠷᠭᠠᠭᠤᠯᠢ ᠶᠢᠨ ᠲᠣᠭᠤᠷᠢᠭ ᠤᠨ ᠦᠢᠷ᠎ᠠ ᠰᠢᠭ᠋ ᠰᠤᠷᠭᠠᠭᠤᠯᠢ ᠳᠤ ᠣᠷᠣᠭᠤᠯᠵᠤ ᠰᠤᠷᠤᠯᠴᠠᠭᠤᠯᠬᠤ ᠪᠠᠷ | ᠲᠣᠬᠢᠷᠠᠭᠤᠯᠤᠨ᠎ᠠ︶ ᠢ ᠵᠢᠭᠠᠵᠤ ᠪᠠᠶᠢᠨ᠎ᠠ᠃ | 3.ᠬᠤᠷᠢᠶᠠᠬᠤ ᠶᠣᠰᠣᠲᠠᠶ ᠶᠢ ᠨᠢ ᠪᠥᠬᠦᠳᠡ ᠶᠢ ᠬᠤᠷᠢᠶᠠᠨ᠎ᠠ᠃ ᠰᠤᠷᠤᠯᠴᠠᠬᠤ ᠬᠦᠰᠡᠯ ᠲᠠᠢ ᠪᠠ ᠰᠤᠷᠤᠯᠴᠠᠬᠤ | ᠴᠢᠳᠠᠪᠤᠷᠢ ᠲᠠᠢ ᠵᠡᠮᠳᠡᠭ ᠬᠡᠦᠬᠡᠳ ᠪᠠᠭᠠᠴᠤᠳ ᠴᠥᠮ ᠬᠠᠤᠯᠢ ᠶᠣᠰᠣᠭᠠᠷ ᠠᠯᠪᠠᠨ ᠵᠢᠷᠤᠮ ᠤᠨ ᠰᠤᠷᠭᠠᠨ ᠬᠥᠮᠦᠵᠢᠯ ᠢ | ᠬᠦᠯᠢᠶᠡᠨ ᠠᠪᠬᠤ ᠡᠷᠬᠡ ᠲᠠᠢ᠃ ᠡᠩ ᠤᠨ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠬᠤ ᠨᠠᠰᠤᠨ ᠤ᠂ ᠡᠩ ᠤᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠴᠠᠬᠤ ᠣᠷᠴᠢᠨ ᠲᠣᠭᠤᠷᠢᠨ ᠳᠤ ᠵᠣᠬᠢᠴᠠᠬᠤ ᠵᠡᠮᠳᠡᠭ ᠬᠡᠤᠬᠡᠳ | ᠪᠠᠭᠠᠴᠤᠳ ᠢ ᠬᠠᠤᠯᠢ ᠶᠣᠰᠣᠭᠠᠷ ᠭᠥᠯᠢᠶᠡᠨ ᠠᠪᠴᠤ ᠠᠩᠭᠢ ᠳᠠᠭᠠᠵᠤ ᠰᠤᠷᠤᠯᠴᠠᠭᠤᠯᠬᠤ ᠬᠡᠷᠡᠭᠲᠡᠶ᠃ ᠡᠩ ᠤᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠴᠠᠬᠤ ᠣᠷᠴᠢᠨ ᠲᠣᠭᠤᠷᠢᠨ ᠳᠤ ᠵᠣᠬᠢᠴᠠᠬᠤ ᠥᠬᠡᠶ ᠪᠣᠯᠪᠠᠴᠤ ᠣᠨᠴᠠᠭᠠᠢ | ᠰᠤᠷᠭᠠᠨ ᠬᠥᠮᠦᠵᠢᠯ ᠤᠨ ᠣᠷᠴᠢᠨ ᠲᠣᠭᠤᠷᠢᠨ ᠳᠤ ᠵᠣᠬᠢᠴᠠᠵᠤ ᠳᠡᠶᠢᠯᠬᠦ ᠶᠢ ᠨᠢ ᠠᠯᠠᠱᠠ ᠶᠢᠨ ᠣᠨᠴᠠᠭᠠᠢ ᠰᠤᠷᠭᠠᠨ | ᠬᠥᠮᠦᠵᠢᠯ ᠤᠨ ᠰᠤᠷᠭᠠᠭᠤᠯᠢ ᠳᠤ ᠨᠡᠷ᠎ᠡ ᠮᠡᠳᠡᠭᠦᠯᠵᠦ ᠰᠤᠷᠤᠯᠴᠠᠭᠤᠯᠤᠨ᠎ᠠ᠃ | ᠵᠢᠷᠤᠭ | ᠬᠤᠶᠠᠷ᠂ ᠢᠯᠡ ᠪᠠᠷ ᠰᠣᠷᠣᠭᠴᠢ ᠡᠯᠰᠡᠬᠦ ᠶᠢ ᠪᠠᠷᠢᠮᠲᠠᠯᠠᠬᠤ ᠬᠡᠷᠡᠭᠲᠡᠶ | ︵ᠨᠢᠭᠡ︶ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ | 1. ᠰᠣᠷᠣᠭᠴᠢ ᠡᠯᠰᠡᠬᠦ ᠶᠢ ᠵᠢᠷᠤᠮᠵᠢᠭᠤᠯᠤᠨ᠎ᠠ᠃ ︽ᠬᠡᠤᠬᠡᠳ ᠤᠨ ᠴᠡᠴᠡᠷᠯᠢᠭ ᠤᠨ ᠠᠵᠢᠯ ᠤᠨ ᠲᠦᠷᠢᠮ︾ | ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠬᠡᠤᠬᠡᠳ ᠤᠨ ᠴᠡᠴᠡᠷᠯᠢᠭ ᠤᠨ ᠪᠠᠭ᠎ᠠ ᠠᠩᠭᠢ ᠶᠢ 25 | ᠬᠥᠮᠦᠨ ᠠᠴᠠ ᠬᠡᠲᠦᠷᠡᠭᠦᠯᠵᠦ ᠪᠣᠯᠬᠤ ᠥᠬᠡᠶ᠃ ᠡᠯ᠎ᠡ ᠬᠡᠤᠬᠡᠳ ᠤᠨ ᠴᠡᠴᠡᠷᠯᠢᠭ ᠨᠢ ᠬᠡᠤᠬᠡᠳ ᠤᠨ ᠴᠡᠴᠡᠷᠯᠢᠭ ᠲᠤ | ᠰᠢᠨ᠎ᠡ ᠪᠠᠷ ᠣᠷᠣᠭᠰᠠᠨ ᠬᠡᠤᠬᠡᠳ ᠤᠨ ᠬᠦᠶᠰᠦ ᠶᠢᠨ ᠢᠯᠭᠠᠯ᠂ ᠨᠠᠰᠤ ᠵᠢᠯ᠂ ᠣᠷᠣᠰᠢᠨ ᠰᠠᠭᠤᠭ᠎ᠠ ᠭᠠᠵᠠᠷ ᠵᠡᠷᠭᠡ | ᠬᠦᠴᠦᠨ ᠵᠦᠶᠯ ᠢ ᠦᠨᠳᠦᠰᠦᠯᠡᠨ᠂ ᠵᠦᠶ ᠵᠣᠬᠢᠰᠲᠠᠶ ᠳᠣᠭᠢᠷᠠᠭᠤᠯᠤᠭᠰᠠᠨ ᠰᠠᠭᠤᠷᠢᠨ ᠳᠡᠭᠡᠷ᠎ᠡ ᠲᠡᠩᠴᠡᠭᠦᠷᠢ ᠲᠠᠢ ᠪᠠᠷ | ᠠᠩᠭᠢ ᠬᠤᠪᠢᠶᠠᠬᠤ ᠬᠡᠷᠡᠭᠲᠡᠶ᠃ ᠬᠡᠦᠬᠡᠳ ᠤᠨ ᠴᠡᠴᠡᠷᠯᠢᠭ ᠵᠢᠯ ᠪᠦᠷᠢ ᠶᠢᠨ ᠨᠠᠮᠤᠷ ᠤᠨ ᠤᠯᠠᠷᠢᠯ ᠳᠤ ᠰᠤᠷᠤᠭᠴᠢ | ᠡᠯᠰᠡᠨ᠎ᠡ᠂ ᠪᠤᠰᠤᠳ ᠤᠯᠠᠷᠢᠯ ᠳᠤ ᠳᠤᠷ᠎ᠠ ᠪᠠᠷ ᠢᠶᠠᠨ ᠰᠤᠷᠤᠭᠴᠢ ᠡᠯᠰᠡᠵᠦ ᠪᠣᠯᠬᠤ ᠦᠭᠡᠢ᠃ ᠬᠡᠷᠪᠡ ᠣᠷᠣᠨ ᠲᠤᠭ᠎ᠠ | ᠳᠤᠲᠠᠭᠳᠠᠪᠠᠯ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠰᠣᠷᠣᠭᠴᠢ ᠡᠯᠰᠡᠬᠦ ᠨᠥᠬᠦᠴᠡᠯ ᠳᠤ ᠨᠡᠶᠢᠴᠡᠬᠦ ᠬᠡᠤᠬᠡᠳ ᠢ ᠨᠢᠭᠡᠳᠦᠯᠲᠡᠶ ᠲᠥᠯᠥᠪᠯᠡᠨ | ᠳᠣᠭᠢᠷᠠᠭᠤᠯᠤᠨ᠎ᠠ᠃ | 2. ᠲᠣᠭᠲᠠᠭᠠᠯ ᠳᠤ ᠨᠡᠶᠢᠴᠡᠭᠦᠯᠦᠨ ᠰᠦᠢᠳᠬᠡᠯ ᠬᠤᠷᠢᠶᠠᠬᠤ᠃ ᠡᠯ᠎ᠡ ᠠᠯᠪᠠᠨ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠤᠳ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠰᠠᠷᠠᠨ ᠬᠥᠮᠦᠵᠢᠭᠦᠯᠬᠦ | ᠰᠦᠶᠳᠬᠡᠯ ᠬᠤᠷᠢᠶᠠᠬᠤ ᠬᠡᠷᠡᠭᠲᠡᠶ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ ᠤᠨ ᠠᠰᠠᠷᠠᠨ ᠬᠥᠮᠦᠵᠢᠭᠦᠯᠬᠦ ᠰᠦᠶᠳᠬᠡᠯ ᠤᠨ ᠰᠦᠶᠳᠬᠡᠯ ᠬᠤᠷᠢᠶᠠᠬᠤ ᠪᠠᠷᠢᠮᠵᠢᠶ᠎ᠠ ᠶᠢ ᠠᠯᠠᠱᠠ ᠵᠡᠭᠦᠨ | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠢᠯᠣᠭᠤᠳᠣᠯᠭ᠎ᠠ ᠶᠢ ᠬᠦᠯᠢᠶᠡᠵᠦ᠂ | ᠵᠠᠷᠴᠢᠮ ᠳᠡᠭᠡᠷ᠎ᠡ ᠪᠠᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠳᠣᠲᠣᠷᠠᠬᠢ ᠥᠪᠡᠷᠲᠡᠭᠡᠨ ᠵᠠᠰᠠᠬᠤ | ᠣᠷᠣᠨ ᠤ ᠵᠢᠱᠢᠶ᠎ᠡ ᠦᠵᠡᠭᠦᠯᠬᠦ ᠬᠡᠤᠬᠡᠳ ᠤᠨ ᠴᠡᠴᠡᠷᠯᠢᠭ ᠤᠨ ᠰᠠᠷ᠎ᠠ ᠳᠤ 550 ᠲᠥᠭᠦᠷᠢᠭ ᠤᠨ ᠠᠰᠠᠷᠠᠨ | ᠬᠥᠮᠦᠵᠢᠭᠦᠯᠬᠦ ᠰᠦᠶᠳᠬᠡᠯ ᠤᠨ ᠰᠦᠶᠳᠬᠡᠯ ᠬᠤᠷᠢᠶᠠᠬᠤ ᠪᠠᠷᠢᠮᠵᠢᠶ᠎ᠠ ᠠᠴᠠ ᠥᠨᠳᠥᠷ ᠪᠠᠶᠢᠯᠭᠠᠵᠤ ᠪᠣᠯᠬᠤ ᠦᠭᠡᠢ᠃ | ᠥᠭᠡᠷ᠎ᠡ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠰᠦᠶᠳᠬᠡᠯ ᠬᠤᠷᠢᠶᠠᠬᠤ ᠳᠤ ᠵᠠᠬ᠎ᠠ ᠳᠡᠯᠭᠡᠭᠦᠷ ᠤᠨ | ᠬᠡᠤᠬᠡᠳ ᠤᠨ ᠴᠡᠴᠡᠷᠯᠢᠭ ᠨᠢ ᠬᠡᠤᠬᠡᠳ ᠤᠨ ᠴᠡᠴᠡᠷᠯᠢᠭ ᠲᠤ ᠣᠷᠣᠬᠤ ᠯᠤᠭ᠎ᠠ ᠬᠤᠯᠪᠣᠭᠳᠠᠭᠤᠯᠤᠭᠰᠠᠨ ᠳᠡᠮᠵᠢᠯᠭᠡ ᠶᠢᠨ | ᠰᠦᠶᠳᠬᠡᠯ ᠪᠤᠶᠤ ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ ᠵᠡᠷᠭᠡ ᠰᠦᠶᠳᠬᠡᠯ ᠢ ᠬᠤᠷᠢᠶᠠᠬᠤ ᠪᠤᠶᠤ ᠬᠡᠯᠪᠡᠷᠢ ᠶᠢ | ᠨᠢ ᠥᠭᠡᠷᠡᠲᠦᠭᠦᠯᠦᠨ ᠬᠤᠷᠢᠶᠠᠵᠤ ᠪᠣᠯᠬᠤ ᠥᠬᠡᠶ᠂ ᠤᠨᠴᠠᠯᠢᠭᠳᠤ ᠠᠩᠭᠢ᠂ ᠳᠤᠷ᠎ᠠ ᠰᠣᠨᠢᠷᠬᠠᠯ ᠤᠨ ᠠᠩᠭᠢ ᠵᠡᠷᠭᠡ | ᠬᠡᠯᠪᠡᠷᠢ ᠪᠠᠷ ᠬᠡᠷ ᠤᠨ ᠠᠬᠠᠮᠠᠳ ᠠᠴᠠ ᠳᠤᠷ᠎ᠠ ᠪᠠᠷ ᠢᠶᠠᠨ ᠰᠦᠶᠳᠬᠡᠯ ᠬᠤᠷᠢᠶᠠᠬᠤ ᠶᠢ ᠴᠠᠭᠠᠵᠠᠯᠠᠨ᠎ᠠ᠃ | 3.ᠴᠡᠴᠡᠷᠯᠢᠭ ᠲᠤ ᠣᠷᠣᠭᠤᠯᠬᠤ ᠠᠷᠭ᠎ᠠ | ︵1︶ ᠪᠠᠶᠠᠨᠬᠤᠲᠠ ᠭᠠᠵᠠᠷ ᠣᠷᠣᠨ ᠤ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ᠃ ᠬᠡᠰᠡᠭ | ᠬᠤᠪᠢᠶᠠᠨ ᠴᠡᠴᠡᠷᠯᠢᠭ ᠲᠤ ᠣᠷᠣᠭᠤᠯᠬᠤ ᠶᠢ ᠬᠡᠷᠡᠭᠵᠢᠭᠦᠯᠦᠨ᠎ᠡ ︵︽ᠠᠯᠠᠱᠠ ᠵᠡᠭᠦᠨ ᠬᠤᠰᠢᠭᠤᠨ ᠤ 2023 ᠣᠨ ᠤ | ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ ᠤᠨ | ᠵᠢᠷᠤᠭ︾ ᠲᠤ ᠨᠠᠷᠢᠪᠴᠢᠯᠠᠨ ᠦᠵᠡᠭᠡᠷᠡᠶ︶᠃ | ᠳᠣᠤᠷᠠᠬᠢ ᠨᠥᠬᠦᠴᠡᠯ ᠳᠤ ᠨᠡᠶᠢᠴᠡᠪᠡᠯ ᠬᠠᠷᠠᠭᠠᠯᠵᠠᠭᠰᠠᠨ ᠬᠡᠤᠬᠡᠳ ᠤᠨ ᠴᠡᠴᠡᠷᠯᠢᠭ ᠲᠤ ᠨᠡᠷ᠎ᠡ ᠮᠡᠳᠡᠭᠦᠯᠵᠦ | ᠴᠡᠴᠡᠷᠯᠢᠭ ᠲᠤ ᠣᠷᠣᠭᠤᠯᠤᠨ᠎ᠠ᠄ | ① ᠪᠦᠬᠦᠯᠢ 3 ᠨᠠᠰᠤ ᠬᠦᠷᠦᠭᠰᠡᠨ ︵ᠳᠠᠷᠤᠶ 2020 ᠣᠨ ᠤ 8 ᠰᠠᠷ᠎ᠠ ᠶᠢᠨ 31 ᠤ ᠡᠳᠦᠷ ᠠᠴᠠ | ᠡᠮᠦᠨ᠎ᠡ ᠲᠥᠷᠥᠭᠰᠡᠨ︶᠃ ᠠᠯᠠᠱᠠ ᠵᠡᠭᠦᠨ ᠬᠤᠰᠢᠭᠤᠨ ᠤ ᠬᠤᠶᠠᠳᠤᠭᠠᠷ ᠬᠡᠤᠬᠡᠳ ᠤᠨ ᠴᠡᠴᠡᠷᠯᠢᠭ᠂ ᠠᠯᠠᠱᠠ ᠵᠡᠭᠦᠨ | ᠬᠤᠰᠢᠭᠤᠨ ᠤ ᠳᠥᠷᠪᠡᠳᠦᠭᠡᠷ ᠬᠡᠤᠬᠡᠳ ᠤᠨ ᠴᠡᠴᠡᠷᠯᠢᠭ ︵ᠰᠢᠨ᠎ᠡ ᠬᠠᠶ᠋ᠢᠭ︶᠂ ᠠᠯᠠᠱᠠ ᠵᠡᠭᠦᠨ ᠬᠤᠰᠢᠭᠤᠨ ᠤ | ᠮᠣᠩᠭᠤᠯ ᠦᠨᠳᠦᠰᠦᠲᠡᠨ ᠤ ᠨᠢᠭᠡᠳᠦᠭᠡᠷ ᠬᠡᠤᠬᠡᠳ ᠤᠨ ᠴᠡᠴᠡᠷᠯᠢᠭ ᠲᠤ ᠡᠷᠦᠬᠡ ᠠᠮᠠ ᠶᠢᠨ ᠲᠠᠩᠰᠠ ᠶᠢ ᠬᠢᠵᠠᠭᠠᠷᠯᠠᠬᠤ | ᠥᠬᠡᠶ᠂ ᠪᠤᠰᠤᠳ ᠬᠡᠤᠬᠡᠳ ᠤᠨ ᠴᠡᠴᠡᠷᠯᠢᠭ ᠤᠳ ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ | ᠰᠤᠷᠬᠤ ᠨᠠᠰᠤᠨ ᠤ ᠬᠡᠤᠬᠡᠳ ᠢ ᠡᠯᠰᠡᠨ᠎ᠡ᠃ | ② ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠨᠢ ᠲᠤᠰ ᠠᠯᠪᠠᠨ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠲᠣᠭᠤᠷᠢᠭ ᠲᠤ ᠥᠪᠡᠷ ᠤᠨ ᠰᠠᠭᠤᠬᠤ ᠭᠡᠷ ᠲᠠᠢ | ᠪᠥᠭᠡᠳ ᠪᠣᠳᠠᠲᠠᠶ ᠰᠠᠭᠤᠵᠤ ᠪᠠᠶᠢᠬᠤ ᠪᠤᠶᠤ ᠬᠡᠦᠬᠡᠳ ᠢ ᠲᠦᠷᠦᠭᠦ ᠦᠶ᠎ᠡ ᠳᠤ ᠡᠴᠢᠭᠡ ᠡᠬᠡ ᠨᠢ ᠡᠪᠦᠭᠡ | ᠳᠡᠭᠡᠳᠦᠰ ᠲᠠᠢ ᠪᠠᠨ ᠨᠢᠭᠡ ᠡᠷᠦᠬᠡ ᠲᠠᠢ ᠨᠢᠭᠡ ᠭᠠᠵᠠᠷ ᠲᠤ ᠬᠠᠮᠲᠤ ᠰᠠᠭᠤᠵᠤ ᠪᠠᠶᠢᠬᠤ ︵ᠭᠤᠷᠪᠠᠨ ᠦᠶ᠎ᠡ ᠪᠠᠷ ᠢᠶᠠᠨ | ᠨᠢᠭᠡ ᠡᠷᠦᠬᠡ ᠲᠠᠢ︶᠃ ᠡᠨᠡ ᠬᠤᠭᠤᠴᠠᠭᠠᠨ ᠳᠤ ᠬᠡᠤᠬᠡᠳ ᠪᠠ ᠡᠴᠢᠭᠡ ᠡᠬᠡ ᠶᠢᠨ ᠡᠷᠦᠬᠡ ᠠᠮᠠ ᠶᠢᠨ ᠲᠠᠩᠰᠠ ᠶᠢ | ᠶᠠᠮᠠᠷ ᠴᠤ ᠨᠡᠭᠦᠯᠭᠡᠭᠰᠡᠨ ᠥᠬᠡᠶ᠂ ᠡᠴᠢᠭᠡ ᠡᠬᠡ ᠶᠢᠨ ᠬᠢᠨᠢ ᠨᠡᠷ᠎ᠡ ᠳᠣᠤᠷ᠎ᠠ ᠥᠭᠡᠷ᠎ᠡ ᠣᠷᠣᠨ ᠰᠠᠭᠤᠴᠠ ᠥᠬᠡᠶ ︵ | ᠡᠴᠢᠭᠡ ᠡᠬᠡ ᠪᠠ ᠦᠷ᠎ᠡ ᠬᠡᠤᠬᠡᠳ ᠤᠨ ᠪᠠᠶᠠᠨᠬᠤᠲᠠ ᠪᠠᠯᠭᠠᠰᠤᠨ ᠤ ᠭᠠᠵᠠᠷ ᠣᠷᠣᠨ ᠳᠤ ᠬᠡᠷ ᠪᠠᠶᠢᠰᠢᠩ ᠤᠨ | ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠭᠰᠠᠨ ᠭᠡᠷᠡᠴᠢ ᠪᠠᠶᠢᠬᠤ ᠥᠬᠡᠶ︶᠃ | ᠲᠠᠶᠢᠯᠪᠤᠷᠢ᠄ ᠬᠢᠨᠠᠨ ᠬᠠᠮᠠᠭᠠᠯᠠᠭᠴᠢ ᠶᠢᠨ ᠨᠡᠷ᠎ᠡ ᠳᠡᠭᠡᠷ᠎ᠡ ᠣᠷᠣᠨ ᠰᠠᠭᠤᠴᠠ ᠲᠠᠢ ᠮᠥᠷᠲᠡᠭᠡᠨ ᠪᠠᠰᠠ | ᠬᠤᠳᠠᠯᠳᠤᠭᠠᠨ ᠤ ᠫᠦᠰᠡ ᠲᠠᠢ ᠪᠠᠶᠢᠪᠠᠯ᠂ ᠣᠷᠣᠨ ᠰᠠᠭᠤᠴᠠ ᠪᠠᠷ ᠨᠢ ᠰᠤᠷᠭᠠᠭᠤᠯᠢ ᠶᠢᠨ ᠲᠣᠭᠤᠷᠢᠭ ᠬᠤᠪᠢᠶᠠᠨ᠎ᠠ᠃ | ③ ᠰᠤᠷᠬᠤ ᠨᠠᠰᠤᠨ ᠤ ᠬᠡᠦᠬᠡᠳ ᠡᠩ ᠤᠨ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ᠂ | ᠠᠮᠢᠳᠤᠷᠠᠯ ᠤᠨ ᠣᠷᠴᠢᠨ ᠲᠣᠭᠤᠷᠢᠨ ᠳᠤ ᠵᠣᠬᠢᠴᠠᠵᠤ ᠴᠢᠳᠠᠬᠤ᠃ | ︵2︶ ᠪᠠᠶᠠᠨᠬᠤᠲᠠ ᠭᠠᠵᠠᠷ ᠣᠷᠣᠨ ᠤ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ᠃ | ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠰᠤᠷᠭᠠᠭᠤᠯᠢ ᠶᠢᠨ ᠲᠣᠭᠤᠷᠢᠭ ᠬᠤᠪᠢᠶᠠᠬᠤ ᠥᠬᠡᠶ᠂ | ᠬᠡᠷ ᠤᠨ ᠠᠬᠠᠮᠠᠳ ᠡᠵᠡᠨ ᠮᠡᠳᠡᠨ ᠰᠣᠩᠭᠤᠵᠤ᠂ ᠬᠡᠤᠬᠡᠳ ᠤᠨ ᠴᠡᠴᠡᠷᠯᠢᠭ ᠡᠵᠡᠨ ᠮᠡᠳᠡᠨ ᠰᠣᠷᠣᠭᠴᠢ ᠡᠯᠰᠡᠵᠦ | ᠴᠡᠴᠡᠷᠯᠢᠭ ᠲᠤ ᠣᠷᠣᠭᠤᠯᠤᠨ᠎ᠠ᠃ ᠡᠯ᠎ᠡ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠳ ᠬᠡᠤᠬᠡᠳ ᠤᠨ | ᠴᠡᠴᠡᠷᠯᠢᠭ ᠡᠷᠭᠢᠯᠡᠬᠦ ᠪᠣᠳᠠᠲᠠᠶ ᠬᠡᠪᠴᠢᠶ᠎ᠡ ᠵᠢᠴᠢ ᠴᠢᠳᠠᠪᠤᠷᠢ ᠪᠠᠨ ᠦᠨᠳᠦᠰᠦᠯᠡᠨ᠂ ᠤᠯᠤᠰ ᠠᠴᠠ ᠡᠵᠡᠮᠳᠡᠬᠦ | ᠠᠩᠭᠢ ᠶᠢᠨ ᠲᠤᠭ᠎ᠠ ᠪᠠᠷ ᠰᠣᠷᠣᠭᠴᠢ ᠡᠯᠰᠡᠵᠦ᠂ ᠴᠢᠳᠠᠮᠵᠢᠳᠤ ᠬᠢᠴᠢᠶᠡᠯ ᠤᠨ ᠬᠡᠷ ᠤᠨ ᠲᠣᠬᠢᠷᠠᠭᠤᠯᠤᠯᠲᠠ ᠶᠢ | ᠠᠯᠬᠤᠮ ᠠᠯᠬᠤᠮ ᠢᠶᠠᠷ ᠨᠡᠮᠡᠭᠳᠡᠭᠦᠯᠦᠨ᠂ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ | ︵3︶ ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠬᠡᠤᠬᠡᠳ ᠤᠨ ᠴᠡᠴᠡᠷᠯᠢᠭ ᠵᠢᠴᠢ ᠡᠷᠡᠨ ᠵᠠᠭᠤᠨ ᠤ | ᠨᠡᠷᠡᠨ ᠭᠡᠷᠡᠯᠲᠦ ᠬᠡᠤᠬᠡᠳ ᠤᠨ ᠴᠡᠴᠡᠷᠯᠢᠭ ᠢ ᠨᠡᠭᠦᠯᠭᠡᠬᠦ ᠵᠢᠴᠢ ᠬᠡᠤᠬᠡᠳ ᠢ ᠲᠥᠪᠬᠢᠨᠡᠭᠦᠯᠬᠦ ᠠᠵᠢᠯ᠃ ᠠᠯᠠᠱᠠ ᠵᠡᠭᠦᠨ | ᠬᠤᠰᠢᠭᠤᠨ ᠤ ᠳᠥᠷᠪᠡᠳᠦᠭᠡᠷ ᠬᠡᠤᠬᠡᠳ ᠤᠨ ᠴᠡᠴᠡᠷᠯᠢᠭ ᠢ 2023 ᠣᠨ ᠤ ᠨᠠᠮᠤᠷ ᠤᠨ ᠤᠯᠠᠷᠢᠯ ᠳᠤ ᠰᠤᠷᠭᠠᠭᠤᠯᠢ | ᠡᠬᠢᠯᠡᠭᠦᠯᠦᠨ ᠪᠠᠷᠠᠭᠤᠨ ᠬᠤᠲᠠ ᠶᠢᠨ ᠲᠣᠭᠤᠷᠢᠭ ᠲᠤ ᠨᠡᠭᠦᠯᠭᠡᠵᠦ ᠠᠯᠠᠱᠠ ᠵᠡᠭᠦᠨ ᠬᠤᠰᠢᠭᠤᠨ ᠤ ᠵᠢᠷᠭᠤᠳᠤᠭᠠᠷ | ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ︽ᠠᠯᠠᠱᠠ ᠵᠡᠭᠦᠨ ᠬᠤᠰᠢᠭᠤᠨ ᠤ ᠳᠥᠷᠪᠡᠳᠦᠭᠡᠷ | ᠬᠡᠤᠬᠡᠳ ᠤᠨ ᠴᠡᠴᠡᠷᠯᠢᠭ︾ ᠤᠨ ᠨᠡᠷᠡᠶᠢᠳᠦᠯ ᠢ ᠦᠷᠭᠦᠯᠵᠢᠯᠡᠨ ᠬᠡᠷᠡᠭᠯᠡᠨ᠎ᠡ᠃ ᠪᠠᠷᠠᠭᠤᠨ ᠬᠤᠲᠠ ᠶᠢᠨ ᠲᠣᠭᠤᠷᠢᠭ ᠤᠨ | ᠡᠷᠡᠨ ᠵᠠᠭᠤᠨ ᠤ ᠨᠡᠷᠡᠨ ᠭᠡᠷᠡᠯᠲᠦ ᠬᠡᠤᠬᠡᠳ ᠤᠨ ᠴᠡᠴᠡᠷᠯᠢᠭ ᠢ ᠤᠤᠯ ᠤᠨ ᠵᠡᠭᠦᠨ ᠬᠤᠲᠠ ᠶᠢᠨ ᠲᠣᠭᠤᠷᠢᠭ ᠤᠨ | ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠬᠡᠤᠬᠡᠳ ᠤᠨ ᠴᠡᠴᠡᠷᠯᠢᠭ ᠤᠨ ᠬᠠᠭᠤᠴᠢᠨ ᠪᠠᠭᠤᠷᠢ ᠳᠤ ᠨᠡᠭᠦᠯᠭᠡᠵᠦ᠂ | ︽ᠠᠯᠠᠱᠠ ᠵᠡᠭᠦᠨ ᠬᠤᠰᠢᠭᠤᠨ ᠤ ᠡᠷᠡᠨ ᠵᠠᠭᠤᠨ ᠤ ᠨᠡᠷᠡᠨ ᠭᠡᠷᠡᠯᠲᠦ ᠬᠡᠤᠬᠡᠳ ᠤᠨ ᠴᠡᠴᠡᠷᠯᠢᠭ︾ ᠭᠡᠬᠦ ᠨᠡᠷᠡᠶᠢᠳᠦᠯ ᠢ | ᠬᠡᠷᠡᠭᠯᠡᠨ᠎ᠡ᠃ ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠬᠡᠤᠬᠡᠳ ᠤᠨ ᠴᠡᠴᠡᠷᠯᠢᠭ ︵ᠰᠢᠨ᠎ᠡ ᠣᠷᠣ︶ ᠨᠢ | ᠤᠤᠯ ᠤᠨ ᠪᠠᠷᠠᠭᠤᠨ ᠬᠤᠲᠠ ᠶᠢᠨ ᠲᠣᠭᠤᠷᠢᠭ ᠤᠨ ᠡᠷᠡᠨ ᠵᠠᠭᠤᠨ ᠤ ᠨᠡᠷᠡᠨ ᠭᠡᠷᠡᠯᠲᠦ ᠬᠡᠤᠬᠡᠳ ᠤᠨ ᠴᠡᠴᠡᠷᠯᠢᠭ ᠲᠤ᠂ | ᠲᠣᠮᠣ ᠠᠩᠭᠢ ᠶᠢᠨ ᠬᠡᠤᠬᠡᠳ ᠤᠨ ᠴᠡᠴᠡᠷᠯᠢᠭ ᠲᠤ ᠣᠷᠣᠬᠤ ᠶᠢ ᠤᠷᠢᠳᠠᠪᠠᠷ ᠭᠥᠯᠢᠶᠡᠨ ᠠᠪᠤᠨ᠎ᠠ᠃ ᠠᠰᠠᠷᠠᠨ | ᠬᠥᠮᠦᠵᠢᠭᠦᠯᠬᠦ ᠵᠠᠷᠤᠳᠠᠯ ᠢ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ ᠤᠨ ᠪᠠᠷᠢᠮᠵᠢᠶ᠎ᠠ ᠪᠠᠷ ᠰᠠᠷ᠎ᠠ ᠳᠤ | 460 ᠲᠥᠭᠦᠷᠢᠭ ᠬᠤᠷᠢᠶᠠᠨ᠎ᠠ᠃ ᠠᠯᠠᠱᠠ ᠵᠡᠭᠦᠨ ᠬᠤᠰᠢᠭᠤᠨ ᠤ ᠡᠷᠡᠨ ᠵᠠᠭᠤᠨ ᠤ ᠨᠡᠷᠡᠨ ᠭᠡᠷᠡᠯᠲᠦ ᠬᠡᠤᠬᠡᠳ ᠤᠨ | ᠴᠡᠴᠡᠷᠯᠢᠭ ︵ᠰᠢᠨ᠎ᠡ ᠣᠷᠣ︶ ᠨᠢ ᠤᠤᠯ ᠤᠨ ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠬᠡᠤᠬᠡᠳ ᠤᠨ | ᠴᠡᠴᠡᠷᠯᠢᠭ᠂ ᠲᠣᠮᠣ ᠠᠩᠭᠢ ᠶᠢᠨ ᠬᠡᠤᠬᠡᠳ ᠪᠠ ᠤᠤᠯ ᠤᠨ ᠵᠡᠭᠦᠨ ᠬᠤᠲᠠ ᠶᠢᠨ ᠲᠣᠭᠤᠷᠢᠭ ᠤᠨ ᠡᠷᠡᠨ ᠵᠠᠭᠤᠨ ᠤ | ᠨᠡᠷᠡᠨ ᠭᠡᠷᠡᠯᠲᠦ ᠬᠡᠤᠬᠡᠳ ᠤᠨ ᠴᠡᠴᠡᠷᠯᠢᠭ ᠢ ᠤᠷᠢᠳᠠᠪᠠᠷ ᠭᠥᠯᠢᠶᠡᠨ ᠠᠪᠴᠤ᠂ ᠲᠣᠮᠣ ᠠᠩᠭᠢ ᠶᠢᠨ ᠬᠡᠤᠬᠡᠳ ᠢ | ᠴᠡᠴᠡᠷᠯᠢᠭ ᠲᠤ ᠣᠷᠣᠭᠤᠯᠵᠤ᠂ ᠠᠰᠠᠷᠠᠨ ᠬᠥᠮᠦᠵᠢᠭᠦᠯᠬᠦ ᠵᠠᠷᠤᠳᠠᠯ ᠢ ᠤᠤᠯ ᠤᠨ ᠠᠯᠠᠱᠠ ᠵᠡᠭᠦᠨ ᠬᠤᠰᠢᠭᠤᠨ ᠤ | ᠳᠥᠷᠪᠡᠳᠦᠭᠡᠷ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠪᠠᠷᠢᠮᠵᠢᠶ᠎ᠠ ᠪᠠᠷ ᠰᠠᠷ᠎ᠠ ᠳᠤ | 460 ᠲᠥᠭᠦᠷᠢᠭ ᠬᠤᠷᠢᠶᠠᠨ᠎ᠠ᠃ | ︵4︶ ᠮᠠᠯᠵᠢᠬᠤ ᠲᠠᠷᠢᠶᠠᠯᠠᠬᠤ ᠣᠷᠣᠨ ᠤ ᠬᠡᠤᠬᠡᠳ ᠤᠨ ᠴᠡᠴᠡᠷᠯᠢᠭ᠃ ᠰᠤᠷᠭᠠᠭᠤᠯᠢ ᠶᠢᠨ ᠲᠣᠭᠤᠷᠢᠭ ᠢ | ᠬᠤᠪᠢᠶᠠᠬᠤ ᠦᠭᠡᠢ᠃ ᠬᠡᠦᠬᠡᠳ ᠤᠨ ᠴᠡᠴᠡᠷᠯᠢᠭ ᠤᠳ ᠰᠤᠷᠬᠤ ᠨᠠᠰᠤᠨ ᠤ ᠬᠡᠦᠬᠡᠳ ᠢ ᠬᠡᠦᠬᠡᠳ ᠤᠨ ᠴᠡᠴᠡᠷᠯᠢᠭ ᠲᠤ | ᠡᠯᠰᠡᠨ ᠰᠤᠷᠤᠯᠴᠠᠭᠤᠯᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠨ ᠠᠪᠬᠤ ᠬᠡᠷᠡᠭᠲᠡᠶ᠃ ᠪᠣᠳᠠᠲᠤ | ᠪᠠᠶᠢᠳᠠᠯ ᠢᠶᠠᠨ ᠦᠨᠳᠦᠰᠦᠯᠡᠨ ᠬᠤᠯᠢᠯᠳᠤᠭᠤᠯᠤᠨ ᠠᠩᠭᠢ ᠬᠤᠪᠢᠶᠠᠵᠤ ᠪᠣᠯᠤᠨ᠎ᠠ᠃ | ︵5︶ ᠨᠡᠷ᠎ᠡ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ᠃ ᠡᠴᠢᠭᠡ ᠡᠬᠡ ᠵᠢᠴᠢ ᠬᠡᠦᠬᠡᠳ ᠪᠠᠭᠠᠴᠤᠳ ᠤᠨ | ᠡᠷᠦᠬᠡ ᠠᠮᠠ ᠶᠢᠨ ᠳᠡᠪᠲᠡᠷ᠃ ᠡᠴᠢᠭᠡ ᠡᠭᠡ ᠪᠣᠯᠤᠨ ᠬᠡᠦᠬᠡᠳ ᠤᠨ ᠡᠷᠦᠭᠡ ᠠᠮᠠ ᠶᠢᠨ ᠲᠡᠩᠰᠠ ᠶᠢ ᠰᠠᠯᠭᠠᠭᠰᠠᠨ | ᠪᠠᠶᠢᠪᠠᠯ᠂ ᠡᠴᠢᠭᠡ ᠡᠭᠡ ᠶᠢᠨ ᠬᠢᠨᠢ ᠤᠷᠤᠬ ᠤᠨ ᠦᠨᠡᠮᠯᠡᠯ ᠢ ᠬᠠᠩᠭᠠᠬᠤ ᠬᠡᠷᠡᠭᠲᠡᠶ᠃ ᠬᠡᠷ ᠪᠠᠶᠢᠰᠢᠩ ᠤᠨ | ᠥᠮᠴᠢᠯᠡᠯ ᠤᠨ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ︵ᠥᠮᠴᠢᠯᠡᠯ ᠤᠨ | ᠡᠷᠬᠡ ᠶᠢᠨ ᠦᠨᠡᠮᠯᠡᠯ ᠠᠪᠤᠭᠰᠠᠨ ᠥᠬᠡᠶ᠂ ᠪᠣᠳᠠᠲᠠᠶ ᠰᠠᠭᠤᠵᠤ ᠪᠠᠶᠢᠪᠠᠯ ᠰᠦᠯᠵᠢᠶᠡᠨ ᠳᠡᠭᠡᠷ᠎ᠡ ᠭᠠᠷ ᠤᠨ ᠥᠰᠥᠭ | ᠵᠢᠷᠤᠭᠰᠠᠨ ᠭᠡᠷ᠎ᠡ ᠵᠢᠴᠢ ᠬᠡᠷ ᠪᠠᠶᠢᠰᠢᠩ ᠬᠤᠳᠠᠯᠳᠤᠨ ᠠᠪᠬᠤ ᠮᠠᠰᠢᠨ ᠢᠶᠠᠷ ᠵᠢᠩᠬᠢᠨᠢ ᠪᠠᠷᠢᠮᠲᠠ ᠬᠢᠵᠦ ᠥᠭᠬᠦ ᠬᠡᠷᠡᠭᠲᠡᠶ | ︶᠃ | ︵ᠬᠤᠶᠠᠷ︶ ᠡᠩ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠳᠤ ᠦᠶ᠎ᠡ ᠳᠤ ᠰᠤᠷᠤᠭᠴᠢ ᠡᠯᠰᠡᠬᠦ | 1.ᠲᠥᠯᠥᠪᠯᠡᠭᠡ ᠶᠣᠰᠣᠭᠠᠷ ᠰᠤᠷᠤᠭᠴᠢ ᠡᠯᠰᠡᠬᠦ᠃ ᠡᠯ᠎ᠡ ᠰᠤᠷᠭᠠᠭᠤᠯᠢ ᠨᠤᠭᠤᠳ ᠰᠣᠷᠣᠭᠴᠢ ᠡᠯᠰᠡᠬᠦ | ᠲᠥᠯᠥᠪᠯᠡᠭᠡ ᠶᠢ ᠴᠢᠩᠭ᠎ᠠ ᠵᠢᠷᠤᠮᠯᠠᠨ ᠰᠣᠷᠣᠭᠴᠢ ᠡᠯᠰᠡᠬᠦ ᠬᠡᠷᠡᠭᠲᠡᠶ᠂ ᠰᠣᠷᠣᠭᠴᠢ ᠡᠯᠰᠡᠬᠦ ᠲᠥᠯᠥᠪᠯᠡᠭᠡ ᠪᠤᠶᠤ | ᠠᠩᠭᠢ ᠶᠢᠨ ᠲᠣᠭᠲᠠᠭᠰᠠᠨ ᠲᠤᠭ᠎ᠠ ᠶᠢ ᠳᠤᠷ᠎ᠠ ᠪᠠᠷ ᠢᠶᠠᠨ ᠳᠠᠪᠠᠭᠤᠯᠵᠤ ᠪᠣᠯᠬᠤ ᠥᠬᠡᠶ ︵ᠪᠠᠭ᠎ᠠ ᠰᠤᠷᠭᠠᠭᠤᠯᠢ ᠶᠢᠨ | ᠠᠩᠭᠢ ᠪᠦᠷᠢ ᠳᠤ 45 ᠬᠥᠮᠦᠨ ᠠᠴᠠ ᠬᠡᠲᠦᠷᠡᠭᠦᠯᠵᠦ ᠪᠣᠯᠬᠤ ᠥᠬᠡᠶ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠠᠩᠭᠢ ᠪᠦᠷᠢ ᠳᠤ 50 ᠬᠥᠮᠦᠨ ᠠᠴᠠ ᠬᠡᠲᠦᠷᠡᠭᠦᠯᠵᠦ ᠪᠣᠯᠬᠤ ᠥᠬᠡᠶ︶᠃ ᠴᠢᠬᠤᠯᠠᠲᠠᠶ | ᠦᠶ᠎ᠡ ᠳᠤ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠡᠯ᠎ᠡ | ᠰᠤᠷᠭᠠᠭᠤᠯᠢ ᠶᠢᠨ ᠪᠣᠳᠠᠲᠠᠶ ᠰᠣᠷᠣᠭᠴᠢ ᠡᠯᠰᠡᠬᠦ ᠬᠥᠮᠦᠨ ᠤ ᠲᠤᠭ᠎ᠠ ᠶᠢ ᠦᠨᠳᠦᠰᠦᠯᠡᠨ ᠰᠣᠷᠣᠭᠴᠢ ᠡᠯᠰᠡᠬᠦ | ᠲᠥᠯᠥᠪᠯᠡᠭᠡ ᠪᠠᠨ ᠲᠣᠬᠢᠷᠠᠭᠤᠯᠤᠨ᠎ᠠ᠃ | 2. ᠪᠠᠶᠠᠨᠬᠤᠲᠠ ᠣᠷᠣᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ | ︵1︶ ᠬᠡᠰᠡᠭ ᠬᠤᠪᠢᠶᠠᠨ ᠰᠤᠷᠭᠠᠭᠤᠯᠢ ᠳᠤ ᠣᠷᠣᠭᠤᠯᠤᠨ᠎ᠠ ︵︽ᠠᠯᠠᠱᠠ ᠵᠡᠭᠦᠨ ᠬᠤᠰᠢᠭᠤᠨ ᠤ 2023 | ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ ᠤᠨ ᠵᠢᠷᠤᠭ︾ ᠲᠤ | ᠨᠠᠷᠢᠪᠴᠢᠯᠠᠨ ᠦᠵᠡᠭᠡᠷᠡᠶ︶᠃ | ① ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠨᠢ ᠰᠤᠷᠭᠠᠭᠤᠯᠢ ᠶᠢᠨ | ᠲᠣᠭᠤᠷᠢᠭ ᠲᠠᠬᠢ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ | ᠥᠮᠴᠢᠯᠡᠬᠦ ᠡᠷᠬᠡ ᠶᠢᠨ ᠦᠨᠡᠮᠯᠡᠯ︶ ᠲᠠᠢ ᠪᠠᠶᠢᠪᠠᠯ ︵ᠬᠡᠷ ᠪᠠᠶᠢᠰᠢᠩ ᠤᠨ ᠥᠮᠴᠢᠯᠡᠬᠦ ᠡᠷᠬᠡ ᠶᠢ ᠵᠠᠷᠴᠢᠮ ᠳᠡᠭᠡᠷ᠎ᠡ ᠪᠠᠨ | 100% ᠶᠢ ᠡᠴᠢᠭᠡ ᠡᠬᠡ ᠶᠢᠨ ᠨᠡᠷ᠎ᠡ ᠳᠡᠭᠡᠷ᠎ᠡ ᠪᠠᠶᠢᠯᠭᠠᠬᠤ ᠪᠠᠷ ᠱᠠᠭᠠᠷᠳᠠᠨ᠎ᠠ︶ ᠡᠷᠦᠬᠡ ᠠᠮᠠ ᠶᠢᠨ ᠲᠠᠩᠰᠠ | ᠬᠤᠪᠢᠶᠠᠬᠤ ᠥᠬᠡᠶ ᠪᠠᠷ᠂ ᠣᠶᠢᠷ᠎ᠠ ᠬᠠᠪᠢ ᠶᠢᠨ ᠵᠠᠷᠴᠢᠮ ᠶᠣᠰᠣᠭᠠᠷ ᠬᠡᠰᠡᠭ ᠬᠤᠪᠢᠶᠠᠭᠰᠠᠨ ᠵᠣᠬᠢᠴᠠᠩᠭᠤᠶ | ᠰᠤᠷᠭᠠᠭᠤᠯᠢ ᠳᠤ ᠳᠣᠭᠢᠷᠠᠭᠤᠯᠤᠨ ᠰᠤᠷᠤᠯᠴᠠᠭᠤᠯᠤᠨ᠎ᠠ᠃ ᠲᠣᠰ ᠲᠥᠰᠦᠯ ᠢ ᠨᠡᠶᠢᠲᠡᠯᠡᠭᠰᠡᠨ ᠤ ᠳᠠᠷᠠᠭ᠎ᠠ ᠬᠢᠭᠰᠡᠨ | ᠥᠮᠴᠢᠯᠡᠯ ᠤᠨ ᠡᠷᠬᠡ ᠶᠢᠨ ᠬᠤᠪᠢᠷᠠᠭᠤᠯᠤᠯᠲᠠ ᠶᠢ ᠰᠤᠷᠭᠠᠭᠤᠯᠢ ᠶᠢᠨ ᠲᠣᠭᠤᠷᠢᠭ ᠤᠨ ᠬᠡᠷ ᠪᠠᠶᠢᠰᠢᠩ ᠤᠨ ᠮᠠᠭᠠᠳᠯᠠᠨ | ᠲᠣᠭᠲᠠᠭᠠᠯᠲᠠ ᠪᠣᠯᠭᠠᠬᠤ ᠥᠬᠡᠶ᠃ | ② ᠬᠡᠦᠬᠡᠳ ᠢ ᠲᠦᠷᠦᠭᠦ ᠦᠶ᠎ᠡ ᠳᠤ ᠡᠴᠢᠭᠡ ᠡᠬᠡ ᠨᠢ ᠡᠪᠦᠭᠡ ᠳᠡᠭᠡᠳᠦᠰ ᠲᠠᠢ ᠪᠠᠨ ᠨᠢᠭᠡ ᠡᠷᠦᠬᠡ ᠲᠠᠢ | ᠨᠢᠭᠡ ᠭᠠᠵᠠᠷ ᠲᠤ ᠬᠠᠮᠲᠤ ᠰᠠᠭᠤᠵᠤ ᠪᠠᠶᠢᠭᠰᠠᠨ ︵ᠭᠤᠷᠪᠠᠨ ᠦᠶ᠎ᠡ ᠪᠠᠷ ᠢᠶᠠᠨ ᠨᠢᠭᠡ ᠡᠷᠦᠬᠡ ᠲᠠᠢ︶᠂ ᠡᠨᠡ | ᠬᠤᠭᠤᠴᠠᠭᠠᠨ ᠳᠤ ᠬᠡᠦᠬᠡᠳ ᠪᠣᠯᠤᠨ ᠡᠴᠢᠭᠡ ᠡᠬᠡ ᠶᠢᠨ ᠬᠢᠨᠢ ᠡᠷᠦᠬᠡ ᠠᠮᠠ ᠶᠢᠨ ᠳᠠᠩᠰᠠ ᠶᠢ ᠶᠠᠮᠠᠷ ᠴᠤ | ᠨᠡᠭᠦᠯᠭᠡᠭᠰᠡᠨ ᠦᠭᠡᠢ᠂ ᠡᠴᠢᠭᠡ ᠡᠬᠡ ᠶᠢᠨ ᠬᠢᠨᠢ ᠨᠡᠷ᠎ᠡ ᠳᠡᠭᠡᠷ᠎ᠡ ᠥᠭᠡᠷ᠎ᠡ ᠰᠠᠭᠤᠬᠤ ᠭᠡᠷ ᠦᠭᠡᠢ ︵ᠡᠴᠢᠭᠡ ᠡᠬᠡ | ᠪᠣᠯᠤᠨ ᠦᠷ᠎ᠡ ᠬᠡᠦᠬᠡᠳ ᠨᠢ ᠪᠠᠶᠠᠨᠬᠤᠲᠠ ᠪᠠᠯᠭᠠᠰᠤᠨ ᠳᠤ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠰᠤᠷᠠᠭ | ᠵᠠᠩᠭᠢ ᠶᠢ ᠪᠠᠶᠢᠴᠠᠭᠠᠨ ᠯᠠᠪᠯᠠᠭᠰᠠᠨ ᠭᠡᠷᠡᠴᠢ ᠪᠠᠶᠢᠬᠤ ᠦᠭᠡᠢ︶ ᠶᠢ ᠣᠶᠢᠷ᠎ᠠ ᠬᠠᠪᠢ ᠶᠢᠨ ᠵᠠᠷᠴᠢᠮ ᠶᠣᠰᠣᠭᠠᠷ ᠬᠡᠰᠡᠭ | ᠬᠤᠪᠢᠶᠠᠭᠰᠠᠨ ᠵᠣᠬᠢᠬᠤ ᠰᠤᠷᠭᠠᠭᠤᠯᠢ ᠳᠤ ᠲᠣᠬᠢᠷᠠᠭᠤᠯᠵᠤ ᠰᠤᠷᠤᠯᠴᠠᠭᠤᠯᠤᠨ᠎ᠠ᠃ | ③ ᠲᠦᠷᠢᠶᠡᠰᠦᠯᠡᠨ ᠰᠠᠭᠤᠬᠤ ᠳᠤ ᠡᠴᠢᠭᠡ ᠡᠬᠡ ᠪᠣᠯᠤᠨ ᠦᠷ᠎ᠡ ᠬᠡᠤᠬᠡᠳ ᠤᠨ ᠢᠶᠠᠨ ᠪᠠᠶᠠᠨᠬᠤᠲᠠ | ᠪᠠᠯᠭᠠᠰᠤᠨ ᠤ ᠭᠠᠵᠠᠷ ᠣᠷᠣᠨ ᠳᠤ ᠬᠡᠷ ᠪᠠᠶᠢᠰᠢᠩ ᠤᠨ ᠥᠮᠴᠢᠯᠡᠬᠦ ᠡᠷᠬᠡ ᠥᠬᠡᠶ ᠰᠤᠷᠠᠭ ᠵᠠᠩᠭᠢ ᠶᠢ ᠪᠠᠶᠢᠴᠠᠭᠠᠨ | ᠯᠠᠪᠯᠠᠭᠰᠠᠨ ᠭᠡᠷᠡᠴᠢ ᠶᠢ ᠬᠠᠩᠭᠠᠵᠤ᠂ ᠬᠠᠷᠢᠴᠠᠩᠭᠤᠶ ᠪᠠᠷ ᠣᠶᠢᠷ᠎ᠠ ᠬᠠᠪᠢ ᠶᠢᠨ ᠵᠠᠷᠴᠢᠮ ᠢᠶᠠᠷ ᠬᠡᠰᠡᠭ ᠬᠤᠪᠢᠶᠠᠭᠰᠠᠨ | ᠵᠣᠬᠢᠴᠠᠩᠭᠤᠶ ᠰᠤᠷᠭᠠᠭᠤᠯᠢ ᠳᠤ ᠨᠢᠭᠡᠳᠦᠯᠲᠡᠶ ᠳᠣᠭᠢᠷᠠᠭᠤᠯᠤᠨ ᠰᠤᠷᠤᠯᠴᠠᠭᠤᠯᠤᠨ᠎ᠠ᠃ ᠵᠠᠷᠴᠢᠮ ᠳᠡᠭᠡᠷ᠎ᠡ ᠪᠠᠨ ᠲᠣᠰ | ᠲᠥᠰᠦᠯ ᠢ ᠨᠡᠶᠢᠲᠡᠯᠡᠭᠰᠡᠨ ᠤ ᠳᠠᠷᠠᠭ᠎ᠠ ᠬᠡᠷ ᠲᠦᠷᠢᠶᠡᠰᠦᠯᠡᠬᠦ ᠬᠡᠯᠡᠯᠴᠡᠭᠡᠷ ᠲᠣᠭᠲᠠᠭᠰᠠᠨ ᠢ ᠰᠤᠷᠭᠠᠭᠤᠯᠢ ᠶᠢᠨ | ᠲᠣᠭᠤᠷᠢᠭ ᠤᠨ ᠬᠡᠷ ᠪᠠᠶᠢᠰᠢᠩ ᠢᠶᠠᠷ ᠮᠠᠭᠠᠳᠯᠠᠨ ᠲᠣᠭᠲᠠᠭᠠᠬᠤ ᠥᠬᠡᠶ᠃ | ④ ᠰᠢᠨ᠎ᠡ ᠪᠠᠷ ᠬᠤᠳᠠᠯᠳᠤᠨ ᠠᠪᠤᠭᠰᠠᠨ ᠬᠡᠷ ᠪᠠᠶᠢᠰᠢᠩ ᠳᠤ ᠣᠷᠣᠵᠤ ᠰᠠᠭᠤᠭᠰᠠᠨ ᠥᠬᠡᠶ ᠶᠢ | ᠰᠤᠷᠭᠠᠭᠤᠯᠢ ᠶᠢᠨ ᠲᠣᠭᠤᠷᠢᠭ ᠤᠨ ᠬᠡᠷ ᠪᠠᠶᠢᠰᠢᠩ ᠢᠶᠠᠷ ᠮᠠᠭᠠᠳᠯᠠᠨ ᠲᠣᠭᠲᠠᠭᠠᠬᠤ ᠦᠭᠡᠢ᠂ ᠭᠡᠷ ᠪᠠᠶᠢᠰᠢᠩ ᠤᠨ | ᠥᠮᠴᠢᠯᠡᠯ ᠤᠨ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠢ | ᠭᠦᠶᠴᠡᠳᠬᠡᠭᠰᠡᠨ ᠥᠬᠡᠶ ᠪᠠ ᠪᠤᠰᠤᠳ ᠤᠨ ᠬᠡᠷ ᠪᠠᠶᠢᠰᠢᠩ ᠢ ᠬᠤᠳᠠᠯᠳᠤᠨ ᠠᠪᠤᠭᠠᠳ ᠬᠢᠨᠠᠨ ᠬᠠᠮᠠᠭᠠᠯᠠᠭᠴᠢ ᠶᠢᠨ | ᠨᠡᠷ᠎ᠡ ᠳᠡᠭᠡᠷ᠎ᠡ ᠡᠷᠦᠬᠡ ᠰᠢᠯᠵᠢᠭᠦᠯᠦᠭᠰᠡᠨ ᠥᠬᠡᠶ᠂ ᠲᠡᠷᠭᠡᠨ ᠬᠥᠮᠥᠷᠭᠡ ᠬᠤᠳᠠᠯᠳᠤᠨ ᠠᠪᠤᠭᠠᠳ ᠣᠷᠣᠨ | ᠰᠠᠭᠤᠴᠠ ᠪᠠᠨ ᠥᠭᠡᠷᠡᠴᠢᠯᠡᠨ ᠪᠠᠶᠢᠭᠤᠯᠤᠭᠰᠠᠨ ᠵᠡᠷᠭᠡ ᠪᠠᠶᠢᠳᠠᠯ ᠳᠤ᠂ ᠲᠦᠷᠢᠶᠡᠰᠦᠯᠡᠨ ᠰᠠᠭᠤᠵᠤ ᠪᠠᠶᠢᠭ᠎ᠠ | ᠰᠣᠷᠣᠭᠴᠢ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠠᠷᠢᠴᠠᠩᠭᠤᠶ ᠣᠶᠢᠷ᠎ᠠ ᠬᠠᠪᠢ ᠳᠠᠭᠠᠨ ᠨᠢᠭᠡᠳᠦᠯᠲᠡᠶ | ᠲᠥᠯᠥᠪᠯᠡᠨ ᠬᠡᠰᠡᠭ ᠬᠤᠪᠢᠶᠠᠭᠰᠠᠨ ᠵᠣᠬᠢᠴᠠᠩᠭᠤᠶ ᠰᠤᠷᠭᠠᠭᠤᠯᠢ ᠳᠤ ᠰᠤᠷᠤᠯᠴᠠᠭᠤᠯᠬᠤ ᠬᠡᠷᠡᠭᠲᠡᠶ᠃ | ⑤ ᠥᠪᠡᠷ ᠤᠨ ᠣᠷᠣᠨ ᠰᠠᠭᠤᠴᠠ ᠪᠠ ᠬᠤᠳᠠᠯᠳᠤᠭᠠᠨ ᠤ ᠫᠦᠰᠡ ᠪᠤᠶᠤ ᠬᠤᠶᠠᠷ ᠠᠴᠠ ᠳᠡᠭᠡᠭᠰᠢ ᠣᠷᠣᠨ | ᠰᠠᠭᠤᠴᠠ ᠲᠠᠢ ᠪᠠᠶᠢᠪᠠᠯ᠂ ᠪᠣᠳᠠᠲᠠᠶ ᠣᠷᠣᠨ ᠰᠠᠭᠤᠴᠠ ᠶᠢᠨ ᠵᠠᠭᠠᠭ ᠢᠶᠠᠷ ᠰᠤᠷᠭᠠᠭᠤᠯᠢ ᠶᠢᠨ ᠲᠣᠭᠤᠷᠢᠭ ᠢ | ᠬᠤᠪᠢᠶᠠᠷᠢᠯᠠᠨ᠎ᠠ᠂ ᠬᠤᠳᠠᠯᠳᠤᠭᠠᠨ ᠤ ᠫᠦᠰᠡ ᠶᠢ ᠰᠤᠷᠭᠠᠭᠤᠯᠢ ᠶᠢᠨ ᠲᠣᠭᠤᠷᠢᠭ ᠤᠨ ᠣᠷᠣᠨ ᠰᠠᠭᠤᠴᠠ ᠶᠢ | ᠮᠠᠭᠠᠳᠯᠠᠨ ᠲᠣᠭᠲᠠᠭᠠᠬᠤ ᠦᠭᠡᠢ᠃ | ⑥ ᠰᠤᠷᠭᠠᠭᠤᠯᠢ ᠳᠤ ᠰᠠᠭᠤᠬᠤ ᠪᠠ ᠦᠳᠡ ᠶᠢᠨ ᠨᠠᠶᠢᠳᠠᠯᠭ᠎ᠠ ᠶᠢᠨ ᠦᠶᠯᠡᠴᠢᠯᠡᠭᠡ ᠭᠤᠶᠤᠴᠢᠯᠠᠬᠤ | ᠰᠣᠷᠣᠭᠴᠢ ᠶᠢ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ | ᠨᠢᠭᠡᠳᠦᠯᠲᠡᠶ ᠲᠥᠯᠥᠪᠯᠡᠨ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠳᠤ ᠣᠷᠣᠭᠤᠯᠵᠤ ᠰᠤᠷᠤᠯᠴᠠᠭᠤᠯᠤᠨ᠎ᠠ ︵ | ᠪᠠᠶᠢᠷᠢ ᠳᠤ ᠰᠠᠭᠤᠬᠤ ᠳᠦᠷᠢᠮᠲᠦ ᠪᠠ ᠦᠳᠡ ᠶᠢᠨ ᠨᠠᠶᠢᠳᠠᠯᠭ᠎ᠠ ᠶᠢᠨ ᠦᠶᠯᠡᠴᠢᠯᠡᠭᠡᠨ ᠤ ᠪᠠᠭ᠎ᠠ ᠰᠤᠷᠭᠠᠭᠤᠯᠢ᠄ | ᠠᠯᠠᠱᠠ ᠵᠡᠭᠦᠨ ᠬᠤᠰᠢᠭᠤᠨ ᠤ ᠲᠠᠪᠤᠳᠤᠭᠠᠷ ᠪᠠᠭ᠎ᠠ ᠰᠤᠷᠭᠠᠭᠤᠯᠢ᠃ ᠪᠠᠶᠢᠷᠢ ᠳᠤ ᠰᠠᠭᠤᠬᠤ ᠲᠦᠷᠢᠮ ᠵᠢᠴᠢ | ᠦᠳᠡ ᠶᠢᠨ ᠨᠠᠶᠢᠳᠠᠯᠭ᠎ᠠ ᠶᠢᠨ ᠦᠶᠯᠡᠴᠢᠯᠡᠭᠡᠨ ᠤ ᠳᠤᠮᠳᠠᠳᠤ ᠰᠤᠷᠭᠠᠭᠤᠯᠢ᠄ ᠠᠯᠠᠱᠠ ᠵᠡᠭᠦᠨ ᠬᠤᠰᠢᠭᠤᠨ ᠤ | ᠨᠠᠢᠮᠠᠳᠤᠭᠠᠷ ᠳᠤᠮᠳᠠᠳᠤ ᠰᠤᠷᠭᠠᠭᠤᠯᠢ︶᠃ | ︵2︶ ᠨᠡᠷ᠎ᠡ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ᠃ ᠡᠴᠢᠭᠡ ᠡᠬᠡ ᠵᠢᠴᠢ ᠬᠡᠦᠬᠡᠳ ᠪᠠᠭᠠᠴᠤᠳ ᠤᠨ | ᠡᠷᠦᠬᠡ ᠠᠮᠠ ᠶᠢᠨ ᠳᠡᠪᠲᠡᠷ᠃ ᠡᠴᠢᠭᠡ ᠡᠭᠡ ᠪᠣᠯᠤᠨ ᠬᠡᠦᠬᠡᠳ ᠤᠨ ᠡᠷᠦᠭᠡ ᠠᠮᠠ ᠶᠢᠨ ᠲᠡᠩᠰᠠ ᠶᠢ ᠰᠠᠯᠭᠠᠭᠰᠠᠨ | ᠪᠠᠶᠢᠪᠠᠯ᠂ ᠡᠴᠢᠭᠡ ᠡᠭᠡ ᠶᠢᠨ ᠬᠢᠨᠢ ᠤᠷᠤᠬ ᠤᠨ ᠦᠨᠡᠮᠯᠡᠯ ᠢ ᠬᠠᠩᠭᠠᠬᠤ ᠬᠡᠷᠡᠭᠲᠡᠶ᠃ ᠬᠡᠷ ᠪᠠᠶᠢᠰᠢᠩ ᠤᠨ | ᠥᠮᠴᠢᠯᠡᠯ ᠤᠨ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ︵ᠥᠮᠴᠢᠯᠡᠯ ᠤᠨ | ᠡᠷᠬᠡ ᠶᠢᠨ ᠦᠨᠡᠮᠯᠡᠯ ᠠᠪᠤᠭᠰᠠᠨ ᠥᠬᠡᠶ᠂ ᠪᠣᠳᠠᠲᠠᠶ ᠰᠠᠭᠤᠵᠤ ᠪᠠᠶᠢᠪᠠᠯ ᠰᠦᠯᠵᠢᠶᠡᠨ ᠳᠡᠭᠡᠷ᠎ᠡ ᠭᠠᠷ ᠤᠨ ᠥᠰᠥᠭ | ᠵᠢᠷᠤᠭᠰᠠᠨ ᠭᠡᠷ᠎ᠡ ᠵᠢᠴᠢ ᠬᠡᠷ ᠪᠠᠶᠢᠰᠢᠩ ᠬᠤᠳᠠᠯᠳᠤᠨ ᠠᠪᠬᠤ ᠮᠠᠰᠢᠨ ᠢᠶᠠᠷ ᠵᠢᠩᠬᠢᠨᠢ ᠪᠠᠷᠢᠮᠲᠠ ᠬᠢᠵᠦ ᠥᠭᠬᠦ ᠬᠡᠷᠡᠭᠲᠡᠶ | ︶᠃ | 3. ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ | ︵1︶ ᠮᠠᠯᠵᠢᠬᠤ ᠲᠠᠷᠢᠶᠠᠯᠠᠬᠤ ᠣᠷᠣᠨ ᠤ ᠪᠠᠭ᠎ᠠ ᠰᠤᠷᠭᠠᠭᠤᠯᠢ ᠨᠢ ᠲᠣᠰ ᠬᠠᠷᠢᠶ᠎ᠠ ᠣᠷᠣᠨ ᠵᠢᠴᠢ ᠣᠶᠢᠷ᠎ᠠ | ᠬᠠᠪᠢ ᠶᠢᠨ ᠰᠤᠮᠤ ᠪᠠᠯᠭᠠᠰᠤ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠤᠷᠬᠤ ᠨᠠᠰᠤᠨ ᠤ ᠬᠡᠤᠬᠡᠳ | ᠪᠠᠭᠠᠴᠤᠳ ᠢ ᠡᠯᠰᠡᠵᠦ ᠰᠤᠷᠭᠠᠭᠤᠯᠢ ᠳᠤ ᠣᠷᠣᠭᠤᠯᠬᠤ ᠶᠢ ᠬᠠᠷᠢᠭᠤᠴᠠᠨ᠎ᠠ᠃ ᠰᠤᠮᠤ ᠪᠠᠯᠭᠠᠰᠤ ᠶᠢᠨ ᠵᠠᠰᠠᠭ ᠤᠨ | ᠣᠷᠳᠣᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠡᠭᠦᠷᠭᠡ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠰᠣᠷᠣᠭᠴᠢ | ᠡᠯᠰᠡᠬᠦ ᠳᠠᠶᠢᠴᠢᠯᠠᠯᠲᠠ ᠶᠢ ᠰᠠᠶᠢᠲᠤᠷ ᠬᠢᠵᠦ᠂ ᠬᠠᠷᠢᠶᠠᠲᠤ ᠣᠷᠣᠨ ᠤ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ | ᠪᠠᠭᠠᠴᠤᠳ ᠢ ᠪᠦᠬᠦᠨ ᠢ ᠰᠤᠷᠭᠠᠭᠤᠯᠢ ᠳᠤ ᠣᠷᠣᠬᠤ ᠶᠢ ᠪᠠᠲᠤᠯᠠᠵᠤ᠂ ᠪᠦᠬᠦᠯᠢ 6 ᠨᠠᠰᠤ ᠬᠦᠷᠦᠭᠡᠳᠦᠢ ᠬᠡᠤᠬᠡᠳ ᠤᠨ | ᠰᠤᠷᠭᠠᠭᠤᠯᠢ ᠳᠤ ᠣᠷᠣᠬᠤ ᠶᠢ ᠴᠢᠩᠭ᠎ᠠ ᠬᠢᠵᠠᠭᠠᠷᠯᠠᠵᠤ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ | ᠣᠷᠣᠬᠤ ᠨᠠᠰᠤᠨ ᠤ ᠬᠡᠤᠬᠡᠳ ᠪᠠᠭᠠᠴᠤᠳ ᠤᠨ ᠪᠠᠶᠠᠨᠬᠤᠲᠠ ᠪᠠᠯᠭᠠᠰᠤ ᠶᠢᠨ ᠲᠣᠭᠤᠷᠢᠭ ᠤᠨ ᠰᠤᠷᠭᠠᠭᠤᠯᠢ ᠳᠠᠰᠢ | ᠡᠮᠬᠢ ᠵᠢᠷᠤᠮ ᠥᠬᠡᠶ ᠪᠠᠷ ᠰᠢᠯᠵᠢᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ | ︵2︶ ᠮᠠᠯᠵᠢᠬᠤ ᠲᠠᠷᠢᠶᠠᠯᠠᠬᠤ ᠣᠷᠣᠨ ᠤ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢᠨ ᠪᠠᠭ᠎ᠠ | ᠰᠤᠷᠭᠠᠭᠤᠯᠢ ᠠᠴᠠ ᠲᠡᠭᠦᠰᠦᠭᠰᠡᠳ ᠢ ᠲᠣᠰ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ | ᠰᠢᠭᠤᠳ ᠳᠡᠪᠰᠢᠭᠦᠯᠵᠦ ᠰᠤᠷᠤᠯᠴᠠᠭᠤᠯᠤᠨ᠎ᠠ᠃ | 4. ᠵᠡᠭᠦᠨ ᠪᠠᠷᠠᠭᠤᠨ ᠬᠤᠲᠠ ᠶᠢᠨ ᠲᠣᠭᠤᠷᠢᠭ ᠤᠨ ᠰᠣᠷᠣᠭᠴᠢ ᠶᠢᠨ ᠢᠷᠡᠯᠲᠡ ᠳᠤ ᠲᠣᠬᠢᠷᠠᠭᠤᠯᠤᠯᠲᠠ ᠬᠢᠨ᠎ᠠ | ᠃ ᠠᠯᠠᠱᠠ ᠵᠡᠭᠦᠨ ᠬᠤᠰᠢᠭᠤᠨ ᠤ ᠶᠢᠰᠦᠳᠦᠭᠡᠷ ᠪᠠᠭ᠎ᠠ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠬᠤᠶᠠᠳᠤᠭᠠᠷ | ᠲᠤᠷᠰᠢᠯᠲᠠ ᠶᠢᠨ ᠪᠠᠭ᠎ᠠ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ ᠶᠢᠨ | ᠰᠤᠷᠭᠠᠭᠤᠯᠢ ᠶᠢᠨ ᠲᠣᠭᠤᠷᠢᠭ ᠤᠨ ᠨᠥᠬᠦᠴᠡᠯ ᠳᠤ ᠨᠡᠶᠢᠴᠡᠬᠦ ᠰᠤᠷᠤᠭᠴᠢᠳ ᠪᠣᠳᠠᠲᠤ ᠪᠠᠶᠢᠳᠠᠯ ᠢᠶᠠᠨ ᠦᠨᠳᠦᠰᠦᠯᠡᠨ | ᠠᠯᠠᠱᠠ ᠵᠡᠭᠦᠨ ᠬᠤᠰᠢᠭᠤᠨ ᠤ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ | ᠢ ᠹᠦ᠋ ᠬᠤᠲᠣᠩ ᠪᠠᠭ᠎ᠠ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠲᠠᠪᠤᠳᠤᠭᠠᠷ ᠪᠠᠭ᠎ᠠ ᠰᠤᠷᠭᠠᠭᠤᠯᠢ ᠳᠤ | ᠰᠤᠷᠤᠯᠴᠠᠬᠤ ᠪᠠᠷ ᠭᠤᠶᠤᠴᠢᠯᠠᠵᠤ ᠪᠣᠯᠤᠨ᠎ᠠ᠃ | 5. ᠣᠯᠠᠨ ᠬᠡᠤᠬᠡᠳ ᠲᠠᠢ ᠭᠡᠷ ᠪᠦᠯᠢ ᠶᠢᠨ ᠬᠡᠤᠬᠡᠳ ᠢ ᠨᠢᠭᠡ ᠰᠤᠷᠭᠠᠭᠤᠯᠢ ᠳᠤ ᠰᠤᠷᠤᠯᠴᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠬᠥᠮᠦᠨ ᠠᠮᠠ ᠶᠢᠨ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠳᠤ ᠵᠣᠬᠢᠴᠠᠭᠤᠯᠤᠨ᠂ ᠬᠡᠷ ᠤᠨ ᠠᠬᠠᠮᠠᠳ ᠤᠨ ᠰᠣᠷᠣᠭᠴᠢ ᠶᠢ ᠲᠤᠰᠴᠤ ᠬᠦᠷᠭᠡᠬᠦ ᠳᠠᠷᠤᠭᠠᠰᠤ ᠶᠢ | ᠪᠦᠲᠦᠮᠵᠢᠲᠡᠶ ᠬᠥᠩᠭᠡᠷᠡᠭᠦᠯᠬᠦ ᠶᠢᠨ ᠲᠥᠯᠥᠭᠡ᠂ ᠬᠤᠶᠠᠷ ᠬᠡᠤᠬᠡᠳ᠂ ᠭᠤᠷᠪᠠᠨ ᠬᠡᠤᠬᠡᠳ ᠲᠠᠢ ᠭᠡᠷ ᠪᠦᠯᠢ ᠶᠢᠨ | ᠬᠡᠤᠬᠡᠳ ᠢ ᠰᠤᠷᠭᠠᠭᠤᠯᠢ ᠳᠤ ᠣᠷᠣᠬᠤ ᠳᠤ ᠵᠣᠬᠢᠰᠲᠠᠶ ᠬᠠᠷᠠᠭᠠᠯᠵᠠᠯ ᠦᠵᠡᠭᠦᠯᠦᠨ᠎ᠡ᠃ ᠰᠤᠷᠭᠠᠭᠤᠯᠢ ᠶᠢᠨ ᠬᠡᠰᠡᠭ | ᠬᠤᠪᠢᠶᠠᠷᠢᠯᠠᠯ ᠳᠤ ᠬᠤᠪᠢᠷᠠᠯᠲᠠ ᠭᠠᠷᠤᠭᠰᠠᠨ ᠠᠴᠠ ᠪᠣᠯᠵᠣ ᠬᠤᠶᠠᠷ ᠬᠡᠤᠬᠡᠳ ᠲᠠᠢ ᠭᠡᠷ ᠪᠦᠯᠢ ᠶᠢᠨ ᠬᠡᠤᠬᠡᠳ᠂ | ᠭᠤᠷᠪᠠᠨ ᠬᠡᠤᠬᠡᠳ ᠲᠠᠢ ᠭᠡᠷ ᠪᠦᠯᠢ ᠶᠢᠨ ᠬᠡᠤᠬᠡᠳ ᠢ ᠲᠡᠭᠦᠨ ᠤ ᠰᠤᠷᠤᠯᠴᠠᠵᠤ ᠪᠠᠶᠢᠭ᠎ᠠ ᠠᠬ᠎ᠠ ︵ᠡᠭᠡᠴᠢ︶ ᠠᠴᠠ | ᠨᠢᠭᠡ ᠰᠤᠷᠭᠠᠭᠤᠯᠢ ᠶᠢ ᠰᠣᠩᠭᠤᠵᠤ ᠪᠣᠯᠬᠤ ᠥᠬᠡᠶ ᠪᠣᠯ ᠬᠢᠨᠠᠨ ᠬᠠᠮᠠᠭᠠᠯᠠᠭᠴᠢ ᠨᠢ ᠭᠤᠶᠤᠴᠢᠯᠠᠯ ᠭᠠᠷᠭᠠᠵᠤ᠂ | ᠵᠠᠷᠴᠢᠮ ᠳᠡᠭᠡᠷ᠎ᠡ ᠪᠠᠨ ᠬᠤᠶᠠᠷ ᠬᠡᠤᠬᠡᠳ᠂ ᠭᠤᠷᠪᠠᠨ ᠬᠡᠤᠬᠡᠳ ᠢ ᠰᠤᠷᠤᠯᠴᠠᠵᠤ ᠪᠠᠶᠢᠭ᠎ᠠ ᠠᠬ᠎ᠠ ︵ᠡᠭᠡᠴᠢ︶ | ᠶᠢᠨ ᠢᠶᠠᠨ ᠨᠢᠭᠡ ᠰᠤᠷᠭᠠᠭᠤᠯᠢ ᠳᠤ ᠰᠤᠷᠤᠯᠴᠠᠭᠤᠯᠬᠤ ᠪᠠᠷ ᠲᠣᠬᠢᠷᠠᠭᠤᠯᠤᠨ᠎ᠠ᠃ ᠢᠬᠡᠷ᠎ᠡ ᠬᠡᠦᠬᠡᠳ᠂ ᠣᠯᠠᠨ ᠢᠬᠡᠷ᠎ᠡ | ᠬᠡᠦᠬᠡᠳ ᠰᠤᠷᠭᠠᠭᠤᠯᠢ ᠳᠤ ᠨᠢᠭᠡ ᠠᠩᠭᠢ ᠳᠤ ᠰᠤᠷᠤᠯᠴᠠᠬᠤ ᠪᠠᠷ ᠭᠤᠶᠤᠴᠢᠯᠠᠵᠤ ᠪᠣᠯᠤᠨ᠎ᠠ᠃ | 6. ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ᠃ ᠡᠯ᠎ᠡ | ᠰᠤᠷᠭᠠᠭᠤᠯᠢ ᠨᠤᠭᠤᠳ ᠰᠤᠷᠤᠭᠴᠢᠳ ᠤᠨ ᠰᠤᠷᠭᠠᠭᠤᠯᠢ ᠳᠤ ᠤᠷᠤᠭᠰᠠᠨ ᠡᠳᠦᠷ ᠠᠴᠠ ᠡᠬᠢᠯᠡᠨ 1 ᠰᠠᠷ᠎ᠠ ᠶᠢᠨ | ᠳᠣᠲᠣᠷ᠎ᠠ ᠰᠤᠷᠤᠭᠴᠢᠳ ᠲᠤ ᠰᠤᠷᠭᠠᠭᠤᠯᠢ ᠶᠢᠨ ᠬᠠᠷᠢᠶ᠎ᠠ ᠶᠢᠨ ᠲᠠᠩᠰᠠ ᠡᠪᠬᠡᠮᠡᠯ ᠪᠠᠶᠢᠭᠤᠯᠵᠤ ᠥᠭᠬᠦ ᠬᠡᠷᠡᠭᠲᠡᠶ᠃ ︽ | ᠨᠢᠭᠡ ᠬᠥᠮᠦᠨ ᠳᠤ ᠨᠢᠭᠡ ᠬᠠᠷᠢᠶ᠎ᠠ ᠲᠠᠢ᠂ ᠬᠠᠷᠢᠶ᠎ᠠ ᠨᠢ ᠬᠥᠮᠦᠨ ᠢ ᠳᠠᠭᠠᠬᠤ︾ ᠰᠤᠷᠭᠠᠭᠤᠯᠢ ᠶᠢᠨ ᠬᠠᠷᠢᠶ᠎ᠠ ᠶᠢᠨ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠᠯ ᠬᠠᠭᠤᠷᠮᠠᠭ ᠮᠡᠳᠡᠭᠡ ᠵᠠᠩᠭᠢ ᠪᠠᠷ | ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢ ᠪᠠᠶᠢᠭᠤᠯᠵᠤ ᠪᠣᠯᠬᠤ ᠥᠬᠡᠶ᠂ ᠰᠣᠷᠣᠭᠴᠢ ᠶᠢᠨ ᠰᠤᠷᠭᠠᠭᠤᠯᠢ ᠶᠢᠨ | ᠬᠠᠷᠢᠶ᠎ᠠ ᠶᠢ ᠳᠠᠪᠬᠤᠷᠳᠠᠭᠤᠯᠤᠨ ᠪᠠᠶᠢᠭᠤᠯᠵᠤ ᠪᠣᠯᠬᠤ ᠥᠬᠡᠶ᠂ ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ | ᠴᠠᠬᠢᠮ ᠮᠡᠳᠡᠭᠡ ᠵᠠᠩᠭᠢ ᠶᠢ ᠳᠤᠷ᠎ᠠ ᠪᠠᠷ ᠢᠶᠠᠨ ᠬᠠᠰᠤᠵᠤ ᠪᠣᠯᠬᠤ ᠥᠬᠡᠶ᠃ ᠰᠤᠷᠭᠠᠭᠤᠯᠢ ᠶᠢᠨ ᠬᠠᠷᠢᠶ᠎ᠠ ᠶᠢᠨ ᠠᠵᠢᠯ ᠢ | ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠠᠷᠢᠶ᠎ᠠ ᠶᠢᠨ ᠲᠠᠩᠰᠠ ᠡᠪᠬᠡᠮᠡᠯ ᠪᠠᠶᠢᠭᠤᠯᠬᠤ | ᠶᠠᠪᠤᠴᠠ ᠳᠠᠬᠢ ᠵᠢᠷᠤᠮᠵᠢᠯ ᠥᠬᠡᠶ ᠦᠶᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠶᠳᠪᠦᠷᠢᠯᠡᠬᠦ ᠪᠠ | ᠵᠠᠯᠠᠷᠠᠭᠤᠯᠵᠤ᠂ ︽ᠬᠥᠮᠦᠨ ᠤ ᠬᠠᠷᠢᠶ᠎ᠠ ᠶᠢ ᠰᠠᠯᠭᠠᠬᠤ︾ ︽ᠳᠠᠪᠬᠤᠷ ᠰᠤᠷᠭᠠᠭᠤᠯᠢ ᠶᠢᠨ ᠬᠠᠷᠢᠶ᠎ᠠ ᠲᠠᠢ ᠪᠣᠯᠭᠠᠬᠤ︾ | ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠣᠨᠴᠠᠭᠠᠢ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | 1. ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤ ᠦᠶ᠎ᠡ᠃ ᠵᠡᠮᠳᠡᠭ ᠬᠡᠦᠬᠡᠳ ᠲᠤ | ᠰᠤᠷᠬᠤ ᠨᠠᠰᠤᠨ ᠠᠴᠠ ᠡᠮᠦᠨᠡᠬᠢ ᠦᠢᠯᠡᠴᠢᠯᠡᠭᠡ ᠶᠢ ᠢᠳᠡᠪᠬᠢᠲᠡᠶ ᠪᠠᠷ ᠥᠷᠭᠡᠳᠬᠡᠨ᠎ᠡ᠃ ᠠᠯᠠᠱᠠ ᠶᠢᠨ ᠣᠨᠴᠠᠭᠠᠶ | ᠰᠤᠷᠭᠠᠨ ᠬᠥᠮᠦᠵᠢᠯ ᠤᠨ ᠰᠤᠷᠭᠠᠭᠤᠯᠢ ᠡᠨᠡ ᠵᠢᠯ ᠦᠷᠭᠦᠯᠵᠢᠯᠡᠨ ᠪᠦᠬᠦᠯᠢ 5 ᠨᠠᠰᠤ ᠬᠦᠷᠴᠦ ᠪᠦᠬᠦᠯᠢ 6 ᠨᠠᠰᠤ | ᠬᠦᠷᠦᠭᠡᠳᠦᠢ ︵ᠬᠡᠤᠬᠡᠳ ᠤᠨ ᠴᠡᠴᠡᠷᠯᠢᠭ ᠤᠨ ᠶᠡᠭᠡ ᠠᠩᠭᠢ ᠶᠢᠨ ᠰᠤᠷᠬᠤ ᠨᠠᠰᠤᠨ ᠤ ᠬᠡᠰᠡᠭ︶ ᠣᠨᠴᠠᠭᠠᠶ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠬᠠᠮᠲᠤ ᠶᠢᠨ ᠰᠤᠷᠭᠠᠨ ᠬᠥᠮᠦᠵᠢᠯ᠂ ᠠᠮᠢᠳᠤᠷᠠᠯ ᠤᠨ ᠣᠷᠴᠢᠨ ᠲᠣᠭᠤᠷᠢᠨ ᠳᠤ | ᠵᠣᠬᠢᠴᠠᠬᠤ ᠵᠡᠮᠳᠡᠭ ᠬᠡᠤᠬᠡᠳ ᠢ ᠡᠯᠰᠡᠵᠦ ᠰᠤᠷᠤᠯᠴᠠᠭᠤᠯᠤᠨ᠎ᠠ᠃ | 2. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ᠃ ᠡᠩ ᠤᠨ ᠳᠤᠮᠳᠠᠳᠤ ᠪᠠᠭ᠎ᠠ | ᠰᠤᠷᠭᠠᠭᠤᠯᠢ ᠨᠤᠭᠤᠳ ᠡᠷᠬᠡᠪᠰᠢ ᠲᠣᠰ ᠰᠤᠷᠭᠠᠭᠤᠯᠢ ᠶᠢᠨ ᠢᠶᠠᠨ ᠰᠤᠷᠭᠠᠭᠤᠯᠢ ᠶᠢᠨ ᠲᠣᠭᠤᠷᠢᠭ ᠤᠨ | ᠬᠡᠪᠴᠢᠶᠡᠨ ᠳᠠᠬᠢ ᠰᠤᠷᠭᠠᠭᠤᠯᠢ ᠶᠢᠨ ᠰᠤᠷᠤᠯᠴᠠᠬᠤ ᠣᠷᠴᠢᠨ ᠲᠣᠭᠤᠷᠢᠨ ᠳᠤ ᠵᠣᠬᠢᠴᠠᠬᠤ ᠵᠡᠮᠳᠡᠭ ᠬᠡᠤᠬᠡᠳ | ᠪᠠᠭᠠᠴᠤᠳ ᠤᠨ ᠠᠩᠭᠢ ᠳᠠᠭᠠᠵᠤ ᠰᠤᠷᠤᠯᠴᠠᠬᠤ ᠶᠢ ᠬᠠᠤᠯᠢ ᠶᠣᠰᠣᠭᠠᠷ ᠭᠥᠯᠢᠶᠡᠨ ᠠᠪᠬᠤ ᠬᠡᠷᠡᠭᠲᠡᠶ᠃ ᠠᠯᠠᠱᠠ ᠶᠢᠨ | ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠠᠩᠭᠢ ᠳᠠᠭᠠᠵᠤ ᠰᠤᠷᠤᠯᠴᠠᠵᠤ ᠳᠡᠶᠢᠯᠬᠦ ᠥᠬᠡᠶ ᠪᠣᠯᠪᠠᠴᠤ | ᠬᠠᠮᠲᠤ ᠶᠢᠨ ᠰᠤᠷᠭᠠᠨ ᠬᠥᠮᠦᠵᠢᠯ᠂ ᠠᠮᠢᠳᠤᠷᠠᠯ ᠤᠨ ᠣᠷᠴᠢᠨ ᠲᠣᠭᠤᠷᠢᠨ ᠢ ᠮᠥᠨ ᠬᠦ ᠭᠥᠷᠳᠡᠵᠦ ᠳᠡᠶᠢᠯᠬᠦ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠬᠤ ᠨᠠᠰᠤᠨ ᠤ ᠵᠡᠮᠳᠡᠭ ᠬᠡᠤᠬᠡᠳ ᠪᠠᠭᠠᠴᠤᠳ ᠢ ᠡᠯᠰᠡᠵᠦ | ᠰᠤᠷᠭᠠᠭᠤᠯᠢ ᠳᠤ ᠣᠷᠣᠭᠤᠯᠤᠨ᠎ᠠ᠃ ᠰᠤᠷᠭᠠᠭᠤᠯᠢ ᠳᠤ ᠰᠤᠷᠤᠯᠴᠠᠬᠤ ᠳᠤ ᠳᠣᠭᠢᠷᠠᠬᠤ ᠥᠬᠡᠶ ᠮᠥᠷᠲᠡᠭᠡᠨ | ᠰᠤᠷᠤᠯᠴᠠᠬᠤ ᠴᠢᠳᠠᠪᠤᠷᠢ ᠲᠠᠢ ᠵᠡᠮᠳᠡᠭ ᠬᠡᠤᠬᠡᠳ ᠪᠠᠭᠠᠴᠤᠳ ᠢ ᠠᠯᠠᠱᠠ ᠶᠢᠨ ᠣᠨᠴᠠᠭᠠᠢ ᠰᠤᠷᠭᠠᠨ ᠬᠥᠮᠦᠵᠢᠯ ᠤᠨ | ᠰᠤᠷᠭᠠᠭᠤᠯᠢ ᠠᠴᠠ ︽ᠨᠢᠭᠡ ᠬᠥᠮᠦᠨ ᠳᠤ ᠨᠢᠭᠡ ᠬᠡᠷᠡᠭ︾ ᠢᠶᠠᠷ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ | ᠬᠡᠯᠪᠡᠷᠢ ᠪᠠᠷ ᠲᠡᠳᠡᠨ ᠤ ᠰᠤᠷᠭᠠᠨ ᠬᠥᠮᠦᠵᠢᠯ ᠭᠥᠷᠳᠡᠬᠦ ᠡᠷᠬᠡ ᠠᠰᠢᠭ ᠢ ᠪᠠᠲᠤᠯᠠᠨ᠎ᠠ᠃ | ︵ᠳᠥᠷᠪᠡ︶ ᠬᠠᠷᠠᠭᠠᠯᠵᠠᠯ ᠭᠥᠷᠳᠡᠬᠦ ᠡᠲᠡᠭᠡᠳ ᠤᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠵᠤ | ᠴᠡᠴᠡᠷᠯᠢᠭ ᠲᠤ ᠣᠷᠣᠬᠤ | 1.ᠵᠢᠩᠬᠢᠨᠢ ᠠᠯᠪᠠᠨ ᠤ ᠴᠡᠷᠢᠭ ᠤᠨ ᠦᠷ᠎ᠡ ᠬᠡᠦᠬᠡᠳ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠯᠤᠰ | ᠲᠥᠷᠥ ᠶᠢᠨ ᠠᠵᠢᠯ ᠤᠨ ᠲᠣᠪᠴᠢᠶ᠎ᠠ ᠶᠢᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ | ᠬᠥᠮᠦᠨ ᠤ ᠦᠷ᠎ᠡ ᠬᠡᠤᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ ᠨᠠᠷᠢᠨ ᠲᠦᠷᠢᠮ﹀ ᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾ ︵ᠵᠠᠰᠠᠭ ﹇2021﹈ 48 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠠᠯᠠᠱᠠ ᠠᠶᠢᠮᠠᠭ ᠤᠨ ᠬᠡᠪᠴᠢᠶᠡᠨ ᠳᠠᠬᠢ ᠠᠯᠪᠠᠨ ᠴᠡᠷᠢᠭ ᠤᠨ ᠦᠷ᠎ᠡ ᠬᠡᠤᠬᠡᠳ ᠤᠨ | ᠰᠤᠷᠭᠠᠭᠤᠯᠢ ᠳᠤ ᠣᠷᠣᠵᠤ ᠴᠡᠴᠡᠷᠯᠢᠭ ᠲᠤ ᠣᠷᠣᠬᠤ ᠳᠤ ᠬᠠᠷᠠᠭᠠᠯᠵᠠᠯ ᠦᠵᠡᠭᠦᠯᠬᠦ ᠬᠡᠷᠡᠭᠲᠡᠶ᠃ | ︵1︶ ᠰᠤᠷᠬᠤ ᠨᠠᠰᠤᠨ ᠠᠴᠠ ᠡᠮᠦᠨᠡᠬᠢ ᠵᠢᠩᠬᠢᠨᠢ ᠠᠯᠪᠠᠨ ᠤ ᠴᠡᠷᠢᠭ ᠤᠨ ᠦᠷ᠎ᠡ ᠬᠡᠤᠬᠡᠳ ᠢ ᠡᠷᠦᠬᠡ | ᠠᠮᠠ ᠶᠢᠨ ᠲᠠᠩᠰᠠᠨ ᠳᠤ ᠬᠢᠵᠠᠭᠠᠷᠯᠠᠭᠳᠠᠬᠤ ᠥᠬᠡᠶ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ | ᠪᠡᠶ᠎ᠡ ᠶᠢᠨ ᠲᠠᠮᠢᠷ ᠤᠨ ᠲᠣᠪᠴᠢᠶ᠎ᠠ ᠪᠠᠷ ᠬᠢᠨᠠᠭᠤᠯᠤᠭᠰᠠᠨ ᠤ ᠳᠠᠷᠠᠭ᠎ᠠ ᠤᠷᠢᠳᠠᠪᠠᠷ ᠠᠯᠪᠠᠨ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠲᠤ ᠲᠣᠬᠢᠷᠠᠭᠤᠯᠵᠤ ᠰᠤᠷᠤᠯᠴᠠᠭᠤᠯᠤᠨ᠎ᠠ᠃ | ︵2︶ ᠳᠤᠮᠳᠠᠳᠤ ᠪᠠᠭ᠎ᠠ ᠰᠤᠷᠭᠠᠭᠤᠯᠢ ᠳᠤ ᠤᠷᠤᠭᠰᠠᠨ ᠵᠢᠩᠬᠢᠨᠢ ᠠᠯᠪᠠᠨ ᠤ ᠴᠡᠷᠢᠭ ᠤᠨ ᠦᠷ᠎ᠡ | ᠬᠡᠤᠬᠡᠳ ᠢ ᠡᠷᠦᠬᠡ ᠠᠮᠠ ᠶᠢᠨ ᠲᠠᠩᠰᠠᠨ ᠳᠤ ᠬᠢᠵᠠᠭᠠᠷᠯᠠᠭᠳᠠᠬᠤ ᠥᠬᠡᠶ ᠪᠠᠷ ᠪᠣᠳᠠᠲᠠᠶ ᠰᠠᠭᠤᠭ᠎ᠠ ᠭᠠᠵᠠᠷ ᠢᠶᠠᠷ ᠨᠢ | ᠤᠷᠢᠳ ᠢᠶᠠᠷ ᠣᠶᠢᠷ᠎ᠠ ᠬᠠᠪᠢ ᠳᠤᠨᠢ ᠰᠤᠷᠭᠠᠭᠤᠯᠢ ᠳᠤ ᠣᠷᠣᠭᠤᠯᠤᠨ᠎ᠠ᠃ | ︵3︶ ᠠᠯᠠᠱᠠ ᠠᠶᠢᠮᠠᠭ ᠲᠤ ᠠᠯᠪᠠ ᠬᠠᠭᠠᠵᠤ ᠪᠠᠶᠢᠭ᠎ᠠ ᠬᠤᠭᠤᠴᠠᠭᠠᠨ ᠳᠤ ᠵᠢᠩᠬᠢᠨᠢ ᠠᠯᠪᠠᠨ ᠤ | ᠴᠡᠷᠢᠭ ᠤᠨ ᠬᠡᠷ ᠪᠦᠯᠢ ᠶᠢᠨ ᠦᠷ᠎ᠡ ᠬᠡᠤᠬᠡᠳ ᠨᠢ ᠰᠤᠷᠭᠠᠭᠤᠯᠢ ᠳᠤ ᠣᠷᠣᠬᠤ ᠳᠤ ᠬᠡᠷ ᠤᠨ ᠠᠬᠠᠮᠠᠳ ᠤᠨ ᠪᠠᠶᠢᠭ᠎ᠠ | ᠴᠡᠷᠢᠭ ᠠᠩᠭᠢ ᠶᠢᠨ ᠭᠡᠷᠡᠴᠢ᠂ ᠣᠹᠢᠼᠧᠷ ᠤᠨ ᠦᠨᠡᠮᠯᠡᠯ ᠪᠠ ᠬᠡᠤᠬᠡᠳ ᠤᠨ ᠲᠥᠷᠥᠭᠰᠡᠨ ᠠᠨᠠᠭᠠᠬᠤ ᠤᠬᠠᠭᠠᠨ ᠤ | ᠭᠡᠷᠡᠴᠢ ᠵᠢᠴᠢ ᠰᠠᠭᠤᠭ᠎ᠠ ᠭᠠᠵᠠᠷ ᠤᠨ ᠬᠠᠮᠢᠶ᠎ᠠ ᠪᠥᠬᠦᠶ ᠭᠡᠷᠡᠴᠢ ᠶᠢ ᠬᠠᠩᠭᠠᠬᠤ ᠬᠡᠷᠡᠭᠲᠡᠶ ︵ᠬᠠᠮᠢᠶ᠎ᠠ ᠪᠥᠬᠦᠶ | ᠭᠡᠷᠡᠴᠢ ᠶᠢ ᠴᠠᠭ ᠲᠤᠬᠠᠶ ᠳᠤᠨᠢ ᠬᠠᠩᠭᠠᠵᠤ ᠳᠡᠶᠢᠯᠦᠭᠰᠡᠨ ᠥᠬᠡᠶ ᠪᠣᠯ ᠤᠷᠢᠳᠠᠪᠠᠷ ᠳᠣᠭᠢᠷᠠᠭᠤᠯᠬᠤ ᠲᠥᠷᠥ ᠶᠢᠨ | ᠪᠣᠳᠣᠯᠭ᠎ᠠ ᠶᠢ ᠭᠥᠷᠳᠡᠬᠦ ᠥᠬᠡᠶ︶᠃ | 2.ᠠᠵᠢᠯᠯᠠᠵᠤ ᠪᠠᠶᠢᠭ᠎ᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠤᠨ ᠦᠷ᠎ᠡ ᠬᠡᠦᠬᠡᠳ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ ᠶᠢᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠭᠠᠯ ᠤᠨᠲᠠᠷᠠᠭᠠᠬᠤ ᠶᠡᠷᠦᠩᠬᠡᠶ ᠠᠩᠭᠢ ᠶᠢᠨ ︽︿ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ | ᠤᠨᠲᠠᠷᠠᠭᠠᠵᠤ ᠠᠪᠤᠷᠠᠨ ᠲᠤᠰᠠᠯᠠᠬᠤ ᠠᠵᠢᠯᠲᠠᠨ ᠤ ᠦᠷ᠎ᠡ ᠬᠡᠤᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ | ᠨᠠᠷᠢᠨ ᠲᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠮᠣᠩᠭᠤᠯ ﹇2021﹈ 176 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠯᠠᠱᠠ ᠠᠶᠢᠮᠠᠭ ᠤᠨ ᠬᠡᠪᠴᠢᠶᠡᠨ ᠳᠠᠬᠢ | ᠨᠥᠬᠦᠴᠡᠯ ᠳᠤ ᠨᠡᠶᠢᠴᠡᠬᠦ ᠠᠵᠢᠯ ᠳᠤ ᠪᠠᠶᠢᠭ᠎ᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠤᠨ ᠦᠷ᠎ᠡ | ᠬᠡᠤᠬᠡᠳ ᠤᠨ ᠰᠤᠷᠭᠠᠭᠤᠯᠢ ᠳᠤ ᠣᠷᠣᠵᠤ ᠴᠡᠴᠡᠷᠯᠢᠭ ᠲᠤ ᠣᠷᠣᠬᠤ ᠳᠤ ᠨᠠᠷᠢᠨ ᠲᠦᠷᠢᠮ ᠳᠠᠬᠢ ᠭᠠᠯ ᠤᠨᠲᠠᠷᠠᠭᠠᠵᠤ | ᠠᠪᠤᠷᠠᠨ ᠲᠤᠰᠠᠯᠠᠬᠤ ᠬᠥᠮᠦᠰ ᠤᠨ ᠦᠷ᠎ᠡ ᠬᠡᠤᠬᠡᠳ ᠤᠨ ᠬᠠᠷᠠᠭᠠᠯᠵᠠᠯ ᠭᠥᠷᠳᠡᠬᠦ ᠡᠲᠡᠭᠡᠳ ᠲᠤ ᠬᠠᠷᠠᠭᠠᠯᠵᠠᠯ | ᠦᠵᠡᠭᠦᠯᠬᠦ ᠬᠡᠷᠡᠭᠲᠡᠶ᠃ | ︵1︶ ᠦᠷ᠎ᠡ ᠬᠡᠤᠬᠡᠳ ᠨᠢ ᠰᠤᠷᠬᠤ ᠨᠠᠰᠤᠨ ᠠᠴᠠ ᠡᠮᠦᠨ᠎ᠡ ᠪᠣᠯ ᠡᠷᠦᠬᠡ ᠠᠮᠠ ᠶᠢᠨ ᠲᠠᠩᠰᠠᠨ ᠳᠤ | ᠬᠢᠵᠠᠭᠠᠷᠯᠠᠭᠳᠠᠬᠤ ᠥᠬᠡᠶ ᠪᠠᠶᠢᠵᠤ ᠪᠣᠯᠤᠨ᠎ᠠ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠤᠷᠢᠳᠠᠪᠠᠷ ᠠᠯᠪᠠᠨ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠲᠤ ᠲᠣᠬᠢᠷᠠᠭᠤᠯᠵᠤ ᠰᠤᠷᠤᠯᠴᠠᠭᠤᠯᠤᠨ᠎ᠠ᠃ | ︵2︶ ᠦᠷ᠎ᠡ ᠬᠡᠦᠬᠡᠳ ᠨᠢ ᠳᠤᠮᠳᠠᠳᠤ ᠪᠠᠭ᠎ᠠ ᠰᠤᠷᠭᠠᠭᠤᠯᠢ ᠳᠤ ᠤᠷᠤᠭᠰᠠᠨ ᠪᠠᠶᠢᠪᠠᠯ ᠡᠷᠦᠬᠡ ᠠᠮᠠ ᠶᠢᠨ | ᠳᠠᠩᠰᠠᠨ ᠳᠤ ᠬᠢᠵᠠᠭᠠᠷᠯᠠᠭᠳᠠᠬᠤ ᠦᠭᠡᠢ ᠪᠠᠷ ᠪᠣᠳᠠᠲᠠᠶ ᠰᠠᠭᠤᠵᠤ ᠪᠠᠶᠢᠭ᠎ᠠ ᠭᠠᠵᠠᠷ ᠢᠶᠠᠷ ᠨᠢ ᠤᠷᠢᠳ ᠢᠶᠠᠷ | ᠣᠶᠢᠷᠠᠯᠴᠠᠭ᠎ᠠ ᠰᠤᠷᠭᠠᠭᠤᠯᠢ ᠳᠤ ᠣᠷᠣᠭᠤᠯᠤᠨ᠎ᠠ᠃ | ︵3︶ ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ᠂ ᠨᠢᠭᠡ ᠠᠴᠠ | ᠳᠥᠷᠪᠡᠳᠦᠭᠡᠷ ᠳᠡᠰ ᠤᠨ ᠵᠡᠮᠳᠡᠭ ᠪᠣᠯᠤᠭᠰᠠᠨ ᠪᠠ ᠭᠠᠪᠢᠶ᠎ᠠ ᠪᠠᠶᠢᠭᠤᠯᠤᠭᠰᠠᠨ ᠭᠠᠯ ᠤᠨᠲᠠᠷᠠᠭᠠᠬᠤ ᠠᠪᠤᠷᠠᠨ ᠲᠤᠰᠠᠯᠠᠬᠤ | ᠠᠵᠢᠯᠲᠠᠨ ᠤ ᠦᠷ᠎ᠡ ᠬᠡᠤᠬᠡᠳ ᠨᠢ ᠵᠣᠬᠢᠬᠤ ᠦᠨᠡᠮᠯᠡᠯ ᠪᠠ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠃ | ︵4︶ ᠠᠯᠠᠱᠠ ᠠᠶᠢᠮᠠᠭ ᠤᠨ ᠠᠵᠢᠯ ᠳᠤ ᠪᠠᠶᠢᠭ᠎ᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ ᠤ | ᠦᠷ᠎ᠡ ᠬᠡᠤᠬᠡᠳ ᠨᠢ ᠰᠤᠷᠭᠠᠭᠤᠯᠢ ᠳᠤ ᠣᠷᠣᠬᠤ ᠳᠤ ᠬᠡᠷ ᠤᠨ ᠠᠬᠠᠮᠠᠳ ᠤᠨ ᠪᠠᠶᠢᠭ᠎ᠠ ᠨᠢᠭᠡᠴᠡ ᠶᠢᠨ ᠭᠡᠷᠡᠴᠢ᠂ ᠭᠠᠯ | ᠤᠨᠲᠠᠷᠠᠭᠠᠭᠴᠢ ᠶᠢᠨ ᠦᠨᠡᠮᠯᠡᠯ ᠪᠣᠯᠤᠨ ᠬᠡᠤᠬᠡᠳ ᠤᠨ ᠲᠥᠷᠥᠭᠰᠡᠨ ᠠᠨᠠᠭᠠᠬᠤ ᠤᠬᠠᠭᠠᠨ ᠤ ᠭᠡᠷᠡᠴᠢ ᠵᠢᠴᠢ ᠰᠠᠭᠤᠭ᠎ᠠ | ᠭᠠᠵᠠᠷ ᠤᠨ ᠬᠠᠮᠢᠶ᠎ᠠ ᠪᠥᠬᠦᠶ ᠭᠡᠷᠡᠴᠢ ᠶᠢ ᠬᠠᠩᠭᠠᠬᠤ ᠬᠡᠷᠡᠭᠲᠡᠶ ︵ᠬᠠᠮᠢᠶ᠎ᠠ ᠪᠥᠬᠦᠶ ᠭᠡᠷᠡᠴᠢ ᠶᠢ ᠴᠠᠭ ᠲᠤᠬᠠᠶ ᠳᠤᠨᠢ | ᠬᠠᠩᠭᠠᠵᠤ ᠳᠡᠶᠢᠯᠦᠭᠰᠡᠨ ᠥᠬᠡᠶ ᠪᠠᠶᠢᠪᠠᠯ ᠤᠷᠢᠳᠠᠪᠠᠷ ᠳᠣᠭᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠥᠬᠡᠶ︶ | ᠃ | 3. ᠠᠵᠢᠯᠯᠠᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠦᠷ᠎ᠡ ᠬᠡᠤᠬᠡᠳ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠳᠣᠲᠣᠭᠠᠳᠤ ᠶᠢ ᠬᠠᠮᠠᠭᠠᠯᠠᠬᠤ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠦᠷ᠎ᠡ ᠬᠡᠤᠬᠡᠳ ᠤᠨ ᠰᠤᠷᠭᠠᠨ ᠬᠥᠮᠦᠵᠢᠯ ᠳᠤ ᠬᠠᠷᠠᠭᠠᠯᠵᠠᠯ ᠦᠵᠡᠭᠦᠯᠬᠦ | ᠠᠵᠢᠯ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠠᠯᠪᠠᠨ ᠠᠯᠪᠠᠨ | ᠲᠠᠷᠬᠠᠭᠠᠭᠰᠠᠨ ﹇2019﹈ 51 ᠳ᠋ᠦᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠯᠠᠱᠠ | ᠠᠶᠢᠮᠠᠭ ᠤᠨ ᠬᠡᠪᠴᠢᠶᠡᠨ ᠳᠠᠬᠢ ᠨᠥᠬᠦᠴᠡᠯ ᠳᠤ ᠨᠡᠶᠢᠴᠡᠬᠦ ᠠᠵᠢᠯ ᠳᠤ ᠪᠠᠶᠢᠭ᠎ᠠ ᠳᠣᠲᠣᠭᠠᠳᠤ ᠶᠢ ᠬᠠᠮᠠᠭᠠᠯᠠᠬᠤ | ᠠᠷᠠᠳ ᠤᠨ ᠴᠠᠭᠳᠠᠭ᠎ᠠ ᠶᠢᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠵᠤ ᠴᠡᠴᠡᠷᠯᠢᠭ ᠲᠤ ᠣᠷᠣᠬᠤ ᠳᠤ | ᠠᠷᠭ᠎ᠠ ᠶᠢᠨ ᠶᠣᠰᠣᠭᠠᠷ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠦᠷ᠎ᠡ ᠬᠡᠤᠬᠡᠳ ᠤᠨ ᠰᠤᠷᠭᠠᠨ | ᠬᠥᠮᠦᠵᠢᠯ ᠤᠨ ᠬᠠᠷᠠᠭᠠᠯᠵᠠᠯ ᠭᠥᠷᠳᠡᠬᠦ ᠡᠲᠡᠭᠡᠳ ᠲᠤ ᠬᠠᠷᠠᠭᠠᠯᠵᠠᠯ ᠦᠵᠡᠭᠦᠯᠬᠦ ᠬᠡᠷᠡᠭᠲᠡᠶ᠃ | ︵1︶ ᠦᠷ᠎ᠡ ᠬᠡᠤᠬᠡᠳ ᠨᠢ ᠰᠤᠷᠬᠤ ᠨᠠᠰᠤᠨ ᠠᠴᠠ ᠡᠮᠦᠨ᠎ᠡ ᠪᠣᠯ ᠡᠷᠦᠬᠡ ᠠᠮᠠ ᠶᠢᠨ ᠲᠠᠩᠰᠠᠨ ᠳᠤ | ᠬᠢᠵᠠᠭᠠᠷᠯᠠᠭᠳᠠᠬᠤ ᠥᠬᠡᠶ ᠪᠠᠶᠢᠵᠤ ᠪᠣᠯᠤᠨ᠎ᠠ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠤᠷᠢᠳ ᠢᠶᠠᠷ ᠠᠯᠪᠠᠨ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠲᠤ ᠲᠣᠬᠢᠷᠠᠭᠤᠯᠵᠤ ᠰᠤᠷᠤᠯᠴᠠᠭᠤᠯᠤᠨ᠎ᠠ᠃ | ︵2︶ ᠦᠷ᠎ᠡ ᠬᠡᠦᠬᠡᠳ ᠨᠢ ᠳᠤᠮᠳᠠᠳᠤ ᠪᠠᠭ᠎ᠠ ᠰᠤᠷᠭᠠᠭᠤᠯᠢ ᠳᠤ ᠤᠷᠤᠭᠰᠠᠨ ᠪᠠᠶᠢᠪᠠᠯ ᠡᠷᠦᠬᠡ ᠠᠮᠠ ᠶᠢᠨ | ᠳᠠᠩᠰᠠᠨ ᠳᠤ ᠬᠢᠵᠠᠭᠠᠷᠯᠠᠭᠳᠠᠬᠤ ᠦᠭᠡᠢ ᠪᠠᠷ ᠪᠣᠳᠠᠲᠠᠶ ᠰᠠᠭᠤᠵᠤ ᠪᠠᠶᠢᠭ᠎ᠠ ᠭᠠᠵᠠᠷ ᠢᠶᠠᠷ ᠨᠢ ᠤᠷᠢᠳ ᠢᠶᠠᠷ | ᠣᠶᠢᠷᠠᠯᠴᠠᠭ᠎ᠠ ᠰᠤᠷᠭᠠᠭᠤᠯᠢ ᠳᠤ ᠣᠷᠣᠭᠤᠯᠤᠨ᠎ᠠ᠃ | ︵3︶ ᠳᠣᠲᠣᠭᠠᠳᠤ ᠶᠢ ᠬᠠᠮᠠᠭᠠᠯᠠᠬᠤ ᠦᠷᠡᠭᠳᠡᠭᠰᠡᠨ ᠪᠠᠭᠠᠲᠤᠷ᠂ ᠳᠣᠲᠣᠭᠠᠳᠤ ᠶᠢ ᠬᠠᠮᠠᠭᠠᠯᠠᠬᠤ ᠪᠠᠭᠠᠲᠤᠷ | ᠵᠢᠱᠢᠶᠡᠴᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ᠂ ᠨᠢᠭᠡ ᠠᠴᠠ ᠳᠥᠷᠪᠡᠳᠦᠭᠡᠷ ᠳᠡᠰ ᠤᠨ ᠠᠯᠪᠠᠨ | ᠶᠠᠪᠤᠳᠠᠯ ᠢᠶᠠᠷ ᠰᠢᠷᠬᠠᠲᠤᠵᠤ ᠵᠡᠮᠳᠡᠭ ᠪᠣᠯᠤᠭᠰᠠᠨ ᠪᠠ ᠨᠢᠭᠡᠳᠦᠭᠡᠷ ᠳᠡᠰ ᠤᠨ ᠭᠠᠪᠢᠶ᠎ᠠ ᠪᠠᠷ ᠱᠠᠩᠨᠠᠬᠤ ᠳᠤ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠦᠷ᠎ᠡ ᠬᠡᠤᠬᠡᠳ ᠲᠤ ᠵᠣᠬᠢᠬᠤ ᠦᠨᠡᠮᠯᠡᠯ ᠪᠠ ᠭᠡᠷᠡᠴᠢᠯᠡᠬᠦ | ᠮᠠᠲ᠋ᠧᠷᠢᠶᠠᠯ ᠬᠠᠩᠭᠠᠬᠤ ᠬᠡᠷᠡᠭᠲᠡᠶ ︵ᠬᠠᠮᠢᠶ᠎ᠠ ᠪᠥᠬᠦᠶ ᠭᠡᠷᠡᠴᠢ ᠶᠢ ᠴᠠᠭ ᠲᠤᠬᠠᠶ ᠳᠤᠨᠢ ᠬᠠᠩᠭᠠᠵᠤ ᠳᠡᠶᠢᠯᠦᠭᠰᠡᠨ ᠥᠬᠡᠶ | ᠪᠠᠶᠢᠪᠠᠯ ᠤᠷᠢᠳᠠᠪᠠᠷ ᠳᠣᠭᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠥᠬᠡᠶ︶᠃ | 4.ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠡᠩᠨᠡᠭᠡᠨ ᠤ ᠬᠥᠮᠦᠰ ᠤᠨ ᠦᠷ᠎ᠡ ᠬᠡᠦᠬᠡᠳ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠥᠪᠥᠷ | ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠶᠡᠷᠦᠩᠬᠡᠶ | ᠥᠷᠲᠡᠭᠡ ᠶᠢᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠡᠭᠦᠳᠡᠯ ᠠᠷᠠᠳ ᠤᠨ | ᠬᠠᠮᠢᠶᠠᠷᠤᠯᠲᠠ ᠶᠢᠨ ᠡᠩᠨᠡᠭᠡ ᠶᠢᠨ ᠬᠥᠮᠦᠰ ᠤᠨ ᠦᠷ᠎ᠡ ᠬᠡᠤᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ | ᠨᠠᠷᠢᠨ ᠲᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠶᠡᠷᠦᠩᠬᠡᠶ ᠪᠠᠶᠢᠴᠠᠭᠠᠬᠤ ﹇2022﹈ | 71 ᠳ᠋ᠦᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠨᠥᠬᠦᠴᠡᠯ ᠳᠤ ᠨᠡᠶᠢᠴᠡᠬᠦ ᠤᠯᠤᠰ ᠤᠨ | ᠨᠡᠭᠦᠳᠡᠯ ᠠᠷᠠᠳ ᠤᠨ ᠬᠠᠮᠢᠶᠠᠷᠤᠯᠲᠠ ᠶᠢᠨ ᠡᠩᠨᠡᠭᠡᠨ ᠤ ᠬᠥᠮᠦᠰ ᠤᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠵᠤ | ᠴᠡᠴᠡᠷᠯᠢᠭ ᠲᠤ ᠣᠷᠣᠬᠤ ᠳᠤ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠡᠩᠨᠡᠭᠡᠨ ᠤ ᠬᠥᠮᠦᠰ ᠤᠨ | ᠦᠷ᠎ᠡ ᠬᠡᠦᠬᠡᠳ ᠤᠨ ᠬᠠᠷᠠᠭᠠᠯᠵᠠᠯ ᠤᠨ ᠡᠲᠡᠭᠡᠳ ᠤᠨ ᠶᠣᠰᠣᠭᠠᠷ ᠬᠠᠷᠠᠭᠠᠯᠵᠠᠯ ᠦᠵᠡᠭᠦᠯᠬᠦ ᠬᠡᠷᠡᠭᠲᠡᠶ᠃ | ︵1︶ ᠦᠷ᠎ᠡ ᠬᠡᠤᠬᠡᠳ ᠨᠢ ᠰᠤᠷᠬᠤ ᠨᠠᠰᠤᠨ ᠠᠴᠠ ᠡᠮᠦᠨᠡᠬᠢ᠂ ᠠᠵᠢᠯ ᠳᠤ ᠣᠷᠣᠭᠠᠳ ᠪᠦᠬᠦᠯᠢ 3 ᠵᠢᠯ | ᠪᠣᠯᠤᠭᠰᠠᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠠᠵᠢᠯᠲᠠᠨ ᠤ ᠦᠷ᠎ᠡ ᠬᠡᠤᠬᠡᠳ ᠨᠢ ᠡᠷᠦᠬᠡ ᠠᠮᠠ ᠶᠢᠨ | ᠬᠠᠷᠢᠶ᠎ᠠ ᠳᠤ ᠬᠢᠵᠠᠭᠠᠷᠯᠠᠭᠳᠠᠬᠤ ᠥᠬᠡᠶ ︵ᠥᠪᠥᠷ ᠮᠣᠩᠭᠤᠯ ᠤᠨ ᠬᠡᠪᠴᠢᠶᠡᠨ ᠳᠤ︶ ᠪᠠᠶᠢᠵᠤ᠂ ᠠᠯᠠᠱᠠ ᠵᠡᠭᠦᠨ | ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠪᠠᠷ ᠬᠢᠨᠠᠭᠤᠯᠤᠭᠰᠠᠨ ᠤ ᠳᠠᠷᠠᠭ᠎ᠠ | ᠤᠷᠢᠳᠠᠪᠠᠷ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠳᠣᠭᠢᠷᠠᠭᠤᠯᠤᠨ ᠰᠤᠷᠤᠯᠴᠠᠭᠤᠯᠤᠨ᠎ᠠ᠃ | ︵2︶ ᠦᠷ᠎ᠡ ᠬᠡᠦᠬᠡᠳ ᠨᠢ ᠳᠤᠮᠳᠠᠳᠤ ᠪᠠᠭ᠎ᠠ ᠰᠤᠷᠭᠠᠭᠤᠯᠢ ᠳᠤ ᠤᠷᠤᠭᠰᠠᠨ ᠪᠣᠯ ᠠᠵᠢᠯ ᠳᠤ ᠣᠷᠣᠭᠠᠳ | ᠪᠦᠬᠦᠯᠢ 5 ᠵᠢᠯ ᠪᠣᠯᠤᠭᠰᠠᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠠᠵᠢᠯᠳᠠᠨ ᠤ ᠦᠷ᠎ᠡ ᠬᠡᠦᠬᠡᠳ ᠨᠢ ᠭᠠᠯ | ᠤᠨᠲᠠᠷᠠᠭᠠᠵᠤ ᠠᠪᠤᠷᠠᠨ ᠲᠤᠰᠠᠯᠠᠬᠤ ᠠᠵᠢᠯᠳᠠᠨ ᠤ ᠦᠷ᠎ᠡ ᠬᠡᠦᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ | ᠲᠥᠷᠥ ᠶᠢᠨ ᠪᠤᠳᠤᠯᠭ᠎ᠠ ᠪᠠᠷ ᠯᠠᠪᠯᠠᠯᠲᠠ ᠪᠣᠯᠭᠠᠵᠤ ᠬᠠᠷᠠᠭᠠᠯᠵᠠᠯ ᠬᠥᠷᠳᠡᠨ᠎ᠡ᠃ | ︵3︶ ᠦᠷ᠎ᠡ ᠬᠡᠤᠬᠡᠳ ᠨᠢ ᠳᠤᠮᠳᠠᠳᠤ ᠪᠠᠭ᠎ᠠ ᠰᠤᠷᠭᠠᠭᠤᠯᠢ ᠳᠤ ᠤᠷᠤᠭᠰᠠᠨ ᠪᠠᠶᠢᠪᠠᠯ᠂ ᠡᠷᠦᠬᠡ ᠠᠮᠠ ᠶᠢᠨ | ᠲᠠᠩᠰᠠ ᠨᠢ ᠠᠯᠠᠱᠠ ᠵᠡᠭᠦᠨ ᠬᠤᠰᠢᠭᠤᠨ ᠳᠤ ᠪᠠᠶᠢᠪᠠᠯ᠂ ᠡᠷᠦᠬᠡ ᠠᠮᠠ ᠣᠷᠣᠬᠤ ᠴᠠᠭ ᠤᠨ ᠬᠢᠵᠠᠭᠠᠷᠯᠠᠯ ᠢ ᠬᠦᠯᠢᠶᠡᠬᠦ | ᠥᠬᠡᠶ᠂ ᠪᠣᠳᠠᠲᠠᠶ ᠣᠷᠣᠰᠢᠨ ᠰᠠᠭᠤᠵᠤ ᠪᠠᠶᠢᠭ᠎ᠠ ᠭᠠᠵᠠᠷ ᠢᠶᠠᠷ ᠢᠶᠠᠨ ᠤᠷᠢᠳ ᠢᠶᠠᠷ ᠣᠶᠢᠷ᠎ᠠ ᠬᠠᠪᠢ ᠳᠠᠭᠠᠨ | ᠰᠤᠷᠭᠠᠭᠤᠯᠢ ᠳᠤ ᠣᠷᠣᠭᠤᠯᠤᠨ᠎ᠠ᠃ | ︵4︶ ᠦᠷ᠎ᠡ ᠬᠡᠤᠬᠡᠳ ᠨᠢ ᠳᠤᠮᠳᠠᠳᠤ ᠪᠠᠭ᠎ᠠ ᠰᠤᠷᠭᠠᠭᠤᠯᠢ ᠳᠤ ᠤᠷᠤᠭᠰᠠᠨ ᠪᠠᠶᠢᠪᠠᠯ᠂ ᠡᠷᠦᠬᠡ ᠠᠮᠠ ᠶᠢᠨ | ᠲᠠᠩᠰᠠ ᠨᠢ ᠠᠯᠠᠱᠠ ᠠᠶᠢᠮᠠᠭ ᠲᠤ ᠪᠠᠶᠢᠵᠤ᠂ ᠳᠣᠤᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠪᠣᠳᠠᠲᠠᠶ | ᠰᠠᠭᠤᠭ᠎ᠠ ᠭᠠᠵᠠᠷ ᠢᠶᠠᠷ ᠢᠶᠠᠨ ᠤᠷᠢᠳ ᠢᠶᠠᠷ ᠣᠶᠢᠷ᠎ᠠ ᠬᠠᠪᠢ ᠳᠤᠨᠢ ᠰᠤᠷᠭᠠᠭᠤᠯᠢ ᠳᠤ ᠣᠷᠣᠭᠤᠯᠤᠨ᠎ᠠ᠃ | ① ᠤᠯᠤᠰ ᠠᠴᠠ ᠲᠣᠭᠲᠠᠭᠠᠭᠰᠠᠨ ᠬᠢᠯᠢ ᠶᠢᠨ ᠪᠣᠭᠤᠮᠲᠠ ᠶᠢᠨ ᠬᠢᠯᠢ ᠶᠢᠨ ᠬᠠᠮᠢᠶᠠᠷᠤᠯᠲᠠ ᠶᠢᠨ ᠣᠷᠣᠨ ᠤ | ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠨᠢᠭᠡᠴᠡ ᠳᠤ ᠠᠵᠢᠯᠯᠠᠭᠠᠳ ᠪᠦᠬᠦᠯᠢ 2 ᠵᠢᠯ ᠪᠣᠯᠤᠭᠰᠠᠨ ᠨᠡᠭᠦᠳᠡᠯ | ᠠᠷᠠᠳ ᠤᠨ ᠬᠠᠮᠢᠶᠠᠷᠤᠯᠲᠠ ᠶᠢᠨ ᠠᠵᠢᠯᠲᠠᠨ ᠤ ᠦᠷ᠎ᠡ ᠬᠡᠦᠬᠡᠳ᠃ | ② ᠭᠤᠷᠪᠠᠳᠤᠭᠠᠷ ᠲᠥᠷᠥᠯ ︵ᠭᠤᠷᠪᠠᠳᠤᠭᠠᠷ ᠲᠥᠷᠥᠯ ᠪᠠᠭᠲᠠᠨ᠎ᠠ︶ ᠠᠴᠠ ᠳᠡᠭᠡᠭᠰᠢ ᠬᠠᠲᠠᠭᠤ | ᠪᠡᠷᠬᠡᠰᠢᠶᠡᠯᠲᠡᠶ ᠵᠠᠬ᠎ᠠ ᠬᠢᠵᠠᠭᠠᠷ ᠣᠷᠣᠨ ᠳᠤ ᠠᠵᠢᠯᠯᠠᠭᠠᠳ ᠪᠦᠬᠦᠯᠢ 5 ᠵᠢᠯ ᠪᠣᠯᠤᠭᠰᠠᠨ ᠨᠡᠭᠦᠳᠡᠯ ᠠᠷᠠᠳ ᠤᠨ | ᠬᠠᠮᠢᠶᠠᠷᠤᠯᠲᠠ ᠶᠢᠨ ᠠᠵᠢᠯᠲᠠᠨ ᠤ ᠦᠷ᠎ᠡ ᠬᠡᠤᠬᠡᠳ᠃ | ③ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ᠂ | ᠨᠢᠭᠡ ᠠᠴᠠ ᠳᠥᠷᠪᠡᠳᠦᠭᠡᠷ ᠳᠡᠰ ᠤᠨ ᠵᠡᠮᠳᠡᠭ ᠪᠣᠯᠤᠭᠰᠠᠨ ᠵᠢᠴᠢ ᠡᠩ ᠤᠨ ᠦᠶ᠎ᠡ ᠳᠤ ᠬᠤᠶᠠᠳᠤᠭᠠᠷ ᠳᠡᠰ ᠤᠨ | ᠭᠠᠪᠢᠶ᠎ᠠ ᠲᠠᠢ ᠪᠤᠶᠤ ᠳᠠᠶᠢᠨ ᠤ ᠦᠶ᠎ᠡ ᠳᠤ ᠭᠤᠷᠪᠠᠳᠤᠭᠠᠷ ᠳᠡᠰ ᠤᠨ ᠭᠠᠪᠢᠶ᠎ᠠ ᠠᠴᠠ ᠳᠡᠭᠡᠭᠰᠢᠬᠢ ᠱᠠᠩᠨᠠᠯ ᠭᠥᠷᠳᠡᠭᠰᠡᠨ | ᠨᠡᠭᠦᠳᠡᠯ ᠠᠷᠠᠳ ᠤᠨ ᠬᠠᠮᠢᠶᠠᠷᠤᠯᠲᠠ ᠶᠢᠨ ᠠᠵᠢᠯᠲᠠᠨ ᠤ ᠦᠷ᠎ᠡ ᠬᠡᠦᠬᠡᠳ ᠨᠢ ᠵᠣᠬᠢᠬᠤ ᠦᠨᠡᠮᠯᠡᠯ ᠪᠠ ᠭᠡᠷᠡᠴᠢᠯᠡᠬᠦ | ᠮᠠᠲ᠋ᠧᠷᠢᠶᠠᠯ ᠬᠠᠩᠭᠠᠬᠤ ᠬᠡᠷᠡᠭᠲᠡᠶ ︵ᠬᠤᠯᠪᠣᠭᠳᠠᠯ ᠪᠦᠬᠦᠢ ᠭᠡᠷᠡᠴᠢ ᠪᠠᠨ ᠴᠠᠭ ᠲᠤᠬᠠᠶ ᠳᠤᠨᠢ ᠬᠠᠩᠭᠠᠵᠤ ᠳᠡᠶᠢᠯᠦᠭᠰᠡᠨ | ᠦᠭᠡᠶ ᠪᠠᠶᠢᠪᠠᠯ ᠤᠷᠢᠳ ᠢᠶᠠᠷ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠡᠳ᠋ᠯᠡᠬᠦ ᠦᠭᠡᠶ︶᠃ | 5. ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠤᠬᠡᠳ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠴᠢᠳᠠᠪᠤᠷᠢᠲᠠᠨ ᠤ ᠦᠷ᠎ᠡ ᠬᠡᠤᠬᠡᠳ ᠢ ᠣᠷᠣᠭᠤᠯᠤᠨ ᠠᠪᠴᠢᠷᠠᠵᠤ ᠰᠤᠷᠭᠠᠭᠤᠯᠢ ᠳᠤ | ᠣᠷᠣᠭᠤᠯᠬᠤ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ︾ ︵ᠥᠪᠥᠷ ᠰᠤᠷᠭᠠᠨ ᠲᠠᠷᠬᠠᠭᠠᠭᠰᠠᠨ ﹇2021﹈ 15 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠠᠯᠠᠱᠠ ᠠᠶᠢᠮᠠᠭ ᠤᠨ ᠬᠡᠪᠴᠢᠶᠡᠨ ᠳᠠᠬᠢ ᠨᠥᠬᠦᠴᠡᠯ ᠳᠤ ᠨᠡᠶᠢᠴᠡᠬᠦ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠨ ᠤ ᠦᠷ᠎ᠡ ᠬᠡᠤᠬᠡᠳ ᠤᠨ ᠰᠤᠷᠭᠠᠭᠤᠯᠢ ᠳᠤ ᠣᠷᠣᠵᠤ ᠴᠡᠴᠡᠷᠯᠢᠭ ᠲᠤ ᠣᠷᠣᠬᠤ ᠳᠤ ᠠᠷᠭ᠎ᠠ ᠶᠢᠨ | ᠶᠣᠰᠣᠭᠠᠷ ᠴᠢᠳᠠᠪᠤᠷᠢᠲᠠᠨ ᠤ ᠦᠷ᠎ᠡ ᠬᠡᠤᠬᠡᠳ ᠤᠨ ᠬᠠᠷᠠᠭᠠᠯᠵᠠᠯ ᠭᠥᠷᠳᠡᠬᠦ ᠡᠲᠡᠭᠡᠳ ᠲᠤ ᠬᠠᠷᠠᠭᠠᠯᠵᠠᠯ ᠦᠵᠡᠭᠦᠯᠦᠨ᠎ᠡ | ᠃ | ︵1︶ ᠴᠢᠳᠠᠪᠤᠷᠢᠲᠠᠨ ᠤ ᠦᠷ᠎ᠡ ᠬᠡᠤᠬᠡᠳ ᠢ ᠣᠷᠣᠭᠤᠯᠤᠨ ᠠᠪᠴᠢᠷᠠᠵᠤ ᠬᠡᠤᠬᠡᠳ ᠤᠨ ᠴᠡᠴᠡᠷᠯᠢᠭ ᠪᠠ | ᠡᠩ ᠤᠨ ᠳᠤᠮᠳᠠᠳᠤ ᠪᠠᠭ᠎ᠠ ᠰᠤᠷᠭᠠᠭᠤᠯᠢ ᠳᠤ ᠰᠤᠷᠤᠯᠴᠠᠭᠤᠯᠬᠤ ᠪᠠᠷ ᠭᠤᠶᠤᠴᠢᠯᠠᠬᠤ ᠳᠠᠭᠠᠨ ︽ᠰᠢᠯᠭᠠᠬᠤ ᠥᠬᠡᠶ ᠪᠠᠷ | ᠬᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ︾ ᠵᠠᠷᠴᠢᠮ ᠢ ᠵᠢᠷᠤᠮᠯᠠᠵᠤ᠂ ᠰᠣᠷᠣᠭᠴᠢ ᠡᠯᠰᠡᠵᠦ | ᠰᠤᠷᠭᠠᠭᠤᠯᠢ ᠳᠤ ᠣᠷᠣᠭᠤᠯᠬᠤ ᠠᠷᠭ᠎ᠠ ᠶᠢᠨ ᠶᠣᠰᠣᠭᠠᠷ᠂ ᠠᠯᠪᠠᠨ ᠠᠴᠠ ᠡᠷᠭᠢᠯᠡᠭᠰᠡᠨ ᠰᠤᠷᠭᠠᠭᠤᠯᠢ ︵ᠠᠯᠪᠠᠨ ᠠᠴᠠ | ᠡᠷᠭᠢᠯᠡᠭᠰᠡᠨ ᠬᠡᠤᠬᠡᠳ ᠤᠨ ᠴᠡᠴᠡᠷᠯᠢᠭ︶ ᠪᠤᠶᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠢ ᠨᠢᠭᠡ ᠤᠳᠠᠭ᠎ᠠ ᠰᠣᠩᠭᠤᠵᠤ ᠪᠣᠯᠤᠨ᠎ᠠ᠃ | ︵2︶ ᠦᠷ᠎ᠡ ᠬᠡᠦᠬᠡᠳ ᠨᠢ ᠳᠤᠮᠳᠠᠳᠤ ᠪᠠᠭ᠎ᠠ ᠰᠤᠷᠭᠠᠭᠤᠯᠢ ᠳᠤ ᠣᠷᠣᠬᠤ ᠳᠤ ᠡᠷᠦᠬᠡ ᠠᠮᠠ ᠶᠢᠨ | ᠳᠠᠩᠰᠠᠨ ᠳᠤ ᠬᠢᠵᠠᠭᠠᠷᠯᠠᠭᠳᠠᠬᠤ ᠦᠭᠡᠢ ᠪᠠᠷ ᠪᠣᠳᠠᠲᠠᠶ ᠰᠠᠭᠤᠵᠤ ᠪᠠᠶᠢᠭ᠎ᠠ ᠭᠠᠵᠠᠷ ᠢᠶᠠᠷ ᠨᠢ ᠤᠷᠢᠳ ᠢᠶᠠᠷ | ᠣᠶᠢᠷᠠᠯᠴᠠᠭ᠎ᠠ ᠰᠤᠷᠭᠠᠭᠤᠯᠢ ᠳᠤ ᠣᠷᠣᠭᠤᠯᠤᠨ᠎ᠠ᠃ | ︵3︶ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ ᠦᠷ᠎ᠡ ᠬᠡᠤᠬᠡᠳ ᠢ ᠰᠤᠷᠭᠠᠭᠤᠯᠢ ᠳᠤ | ᠣᠷᠣᠭᠤᠯᠬᠤ ᠳᠤ ᠬᠡᠷ ᠤᠨ ᠠᠬᠠᠮᠠᠳ ᠤᠨ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠭᠡᠷᠡᠴᠢ ᠪᠠ ᠬᠡᠤᠬᠡᠳ ᠤᠨ | ᠲᠥᠷᠥᠭᠰᠡᠨ ᠠᠨᠠᠭᠠᠬᠤ ᠤᠬᠠᠭᠠᠨ ᠤ ᠭᠡᠷᠡᠴᠢ ᠵᠢᠴᠢ ᠣᠷᠣᠰᠢᠨ ᠰᠠᠭᠤᠭ᠎ᠠ ᠭᠠᠵᠠᠷ ᠤᠨ ᠬᠠᠮᠢᠶ᠎ᠠ ᠪᠥᠬᠦᠶ ᠭᠡᠷᠡᠴᠢ ᠶᠢ | ᠬᠠᠩᠭᠠᠬᠤ ᠬᠡᠷᠡᠭᠲᠡᠶ ︵ᠬᠠᠮᠢᠶ᠎ᠠ ᠪᠥᠬᠦᠶ ᠭᠡᠷᠡᠴᠢ ᠶᠢ ᠴᠠᠭ ᠲᠤᠬᠠᠶ ᠳᠤᠨᠢ ᠬᠠᠩᠭᠠᠵᠤ ᠳᠡᠶᠢᠯᠦᠭᠰᠡᠨ ᠥᠬᠡᠶ ᠪᠠᠶᠢᠪᠠᠯ | ᠤᠷᠢᠳ ᠢᠶᠠᠷ ᠳᠣᠭᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠥᠬᠡᠶ︶᠃ | 6. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠲᠣᠪᠤᠶᠢᠮ᠎ᠠ ᠬᠤᠪᠢ ᠨᠡᠮᠡᠷᠢ | ᠦᠵᠡᠭᠦᠯᠦᠭᠰᠡᠳ ᠤᠨ ᠦᠷ᠎ᠡ ᠬᠡᠤᠬᠡᠳ᠃ ᠠᠯᠠᠱᠠ ᠠᠶᠢᠮᠠᠭ ᠤᠨ ᠴᠢᠳᠠᠪᠤᠷᠢᠲᠠᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ︽︿ᠲᠤᠰᠬᠠᠶ ᠮᠡᠷᠭᠡᠵᠢᠯᠲᠡᠨ ᠴᠢᠳᠠᠪᠤᠷᠢᠲᠠᠨ ᠢ ᠵᠣᠷᠢᠭᠵᠢᠭᠤᠯᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠡᠭᠦᠷᠭᠡᠯᠡᠭᠦᠯᠦᠨ ᠬᠤᠪᠢ ᠨᠡᠮᠡᠷᠢ ᠦᠵᠡᠭᠦᠯᠬᠦ ᠲᠤᠬᠠᠶ ᠠᠷᠭ᠎ᠠ | ᠬᠡᠮᠵᠢᠶ᠎ᠡ ᠨᠦᠭᠦᠳ﹀︾ ︵ᠠᠷᠠᠪ ᠴᠢᠳᠠᠪᠤᠷᠢᠲᠠᠨ ᠥᠰᠥᠭ ﹇2021﹈ 8 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠠᠯᠠᠱᠠ ᠠᠶᠢᠮᠠᠭ ᠤᠨ ᠬᠡᠪᠴᠢᠶᠡᠨ ᠳᠠᠬᠢ ᠨᠥᠬᠦᠴᠡᠯ ᠳᠤ ᠨᠡᠶᠢᠴᠡᠬᠦ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠳ ᠤᠨ ᠦᠷ᠎ᠡ | ᠬᠡᠤᠬᠡᠳ ᠤᠨ ᠴᠡᠴᠡᠷᠯᠢᠭ ᠲᠤ ᠣᠷᠣᠬᠤ ᠳᠤ ᠠᠷᠭ᠎ᠠ ᠬᠡᠮᠵᠢᠶ᠎ᠡ ᠶᠢᠨ ᠳᠣᠲᠣᠷᠠᠬᠢ ᠲᠣᠪᠤᠶᠢᠮ᠎ᠠ ᠬᠤᠪᠢ ᠨᠡᠮᠡᠷᠢ | ᠦᠵᠡᠭᠦᠯᠦᠭᠰᠡᠳ ᠤᠨ ᠦᠷ᠎ᠡ ᠬᠡᠤᠬᠡᠳ ᠤᠨ ᠬᠠᠷᠠᠭᠠᠯᠵᠠᠯ ᠤᠨ ᠡᠲᠡᠭᠡᠳ ᠲᠤ ᠬᠠᠷᠠᠭᠠᠯᠵᠠᠯ ᠦᠵᠡᠭᠦᠯᠬᠦ ᠬᠡᠷᠡᠭᠲᠡᠶ᠃ | ︵1︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠲᠣᠪᠤᠶᠢᠮ᠎ᠠ ᠬᠤᠪᠢ | ᠨᠡᠮᠡᠷᠢ ᠦᠵᠡᠭᠦᠯᠦᠭᠰᠡᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠠᠴᠠ ᠳᠡᠭᠡᠭᠰᠢᠬᠢ ᠬᠥᠬᠢᠭᠦᠯᠦᠯ ᠰᠠᠶᠢᠰᠢᠶᠠᠯ ᠢ | ᠭᠥᠷᠳᠡᠭᠰᠡᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠦᠷ᠎ᠡ ᠬᠡᠤᠬᠡᠳ ᠢ ᠴᠡᠴᠡᠷᠯᠢᠭ ᠲᠤ ᠣᠷᠣᠭᠤᠯᠵᠤ | ᠰᠤᠷᠭᠠᠭᠤᠯᠢ ᠳᠤ ᠣᠷᠣᠭᠤᠯᠬᠤ ᠶᠢ ᠤᠷᠢᠳᠠᠪᠠᠷ ᠳᠣᠭᠢᠷᠠᠭᠤᠯᠤᠨ᠎ᠠ ︵ᠡᠬᠢᠨ ᠤ ᠣᠨ︶᠃ ᠡᠭᠦᠨ ᠳᠤ᠄ ᠦᠷ᠎ᠡ | ᠬᠡᠤᠬᠡᠳ ᠨᠢ ᠬᠡᠤᠬᠡᠳ ᠤᠨ ᠴᠡᠴᠡᠷᠯᠢᠭ ᠲᠤ ᠰᠤᠷᠤᠯᠴᠠᠬᠤ ᠴᠢᠬᠤᠯᠠᠲᠠᠶ ᠪᠠᠶᠢᠪᠠᠯ᠂ ᠬᠡᠷ ᠤᠨ ᠠᠬᠠᠮᠠᠳ ᠤᠨ ᠬᠦᠰᠡᠯ | ᠰᠠᠨᠠᠭ᠎ᠠ ᠪᠠᠷ ᠬᠡᠤᠬᠡᠳ ᠤᠨ ᠴᠡᠴᠡᠷᠯᠢᠭ ᠲᠤ ᠣᠷᠣᠭᠤᠯᠬᠤ ᠪᠠᠷ ᠤᠷᠢᠳᠠᠪᠠᠷ ᠳᠣᠭᠢᠷᠠᠭᠤᠯᠤᠨ᠎ᠠ᠃ ᠦᠷ᠎ᠡ ᠬᠡᠤᠬᠡᠳ ᠨᠢ | ᠪᠠᠭ᠎ᠠ ᠰᠤᠷᠭᠠᠭᠤᠯᠢ ᠪᠤᠶᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠬᠤ ᠴᠢᠬᠤᠯᠠ ᠲᠠᠢ ᠪᠣᠯ᠂ | ᠰᠣᠷᠣᠭᠴᠢ ᠪᠣᠯᠤᠨ ᠬᠡᠷ ᠤᠨ ᠠᠬᠠᠮᠠᠳ ᠤᠨ ᠬᠦᠰᠡᠯ ᠰᠠᠨᠠᠭ᠎ᠠ ᠶᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠬᠠᠷᠢᠴᠠᠩᠭᠤᠶ | ᠣᠶᠢᠷ᠎ᠠ ᠬᠠᠪᠢ ᠶᠢᠨ ᠰᠤᠷᠭᠠᠭᠤᠯᠢ ᠳᠤ ᠲᠣᠬᠢᠷᠠᠭᠤᠯᠤᠨ ᠰᠤᠷᠤᠯᠴᠠᠭᠤᠯᠵᠤ ᠪᠣᠯᠤᠨ᠎ᠠ᠃ | ︵2︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠲᠣᠪᠤᠶᠢᠮ᠎ᠠ ᠬᠤᠪᠢ | ᠨᠡᠮᠡᠷᠢ ᠦᠵᠡᠭᠦᠯᠦᠭᠰᠡᠳ ᠤᠨ ᠦᠷ᠎ᠡ ᠬᠡᠤᠬᠡᠳ ᠨᠢ ᠰᠤᠷᠭᠠᠭᠤᠯᠢ ᠳᠤ ᠣᠷᠣᠬᠤ ᠳᠤ ᠬᠡᠷ ᠤᠨ ᠠᠬᠠᠮᠠᠳ ᠤᠨ ᠱᠠᠩᠨᠠᠯ | ᠣᠯᠤᠭᠰᠠᠨ ᠭᠡᠷᠡᠴᠢ ᠪᠣᠯᠤᠨ ᠬᠡᠤᠬᠡᠳ ᠤᠨ ᠲᠥᠷᠥᠭᠰᠡᠨ ᠠᠨᠠᠭᠠᠬᠤ ᠤᠬᠠᠭᠠᠨ ᠤ ᠭᠡᠷᠡᠴᠢ ᠵᠢᠴᠢ ᠰᠠᠭᠤᠭ᠎ᠠ | ᠭᠠᠵᠠᠷ ᠤᠨ ᠬᠠᠮᠢᠶ᠎ᠠ ᠪᠥᠬᠦᠶ ᠭᠡᠷᠡᠴᠢ ᠶᠢ ᠬᠠᠩᠭᠠᠬᠤ ᠬᠡᠷᠡᠭᠲᠡᠶ ︵ᠬᠠᠮᠢᠶ᠎ᠠ ᠪᠥᠬᠦᠶ ᠭᠡᠷᠡᠴᠢ ᠶᠢ ᠴᠠᠭ ᠲᠤᠬᠠᠶ ᠳᠤᠨᠢ | ᠬᠠᠩᠭᠠᠵᠤ ᠳᠡᠶᠢᠯᠦᠭᠰᠡᠨ ᠥᠬᠡᠶ ᠪᠠᠶᠢᠪᠠᠯ ᠤᠷᠢᠳᠠᠪᠠᠷ ᠳᠣᠭᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠥᠬᠡᠶ︶ | ᠃ | ᠭᠤᠷᠪᠠ᠂ ᠰᠢᠨ᠎ᠡ ᠰᠤᠷᠤᠭᠴᠢ ᠶᠢᠨ ᠨᠡᠷ᠎ᠡ ᠤᠷᠢᠳᠴᠢᠯᠠᠨ ᠮᠡᠳᠡᠭᠡᠯᠡᠬᠦ ᠠᠵᠢᠯ | 2023 ᠣᠨ ᠤ ᠨᠠᠮᠤᠷ ᠠᠴᠠ ᠡᠬᠢᠯᠡᠨ ᠰᠢᠨ᠎ᠡ ᠰᠣᠷᠣᠭᠴᠢ ᠶᠢᠨ ᠨᠡᠷ᠎ᠡ ᠮᠡᠳᠡᠭᠦᠯᠬᠦ ᠳᠤ ︽ᠴᠡᠴᠡᠷᠯᠢᠭ ᠲᠤ | ᠣᠷᠣᠵᠤ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ | ᠮᠠᠶ᠋ᠢᠭ ᠢᠶᠠᠷ ᠨᠡᠷ᠎ᠡ ᠮᠡᠳᠡᠭᠦᠯᠬᠦ ᠪᠣᠯᠤᠨ᠎ᠠ᠂ ᠬᠢᠨᠠᠨ ᠬᠠᠮᠠᠭᠠᠯᠠᠭᠴᠢ ᠨᠢ ︽ᠮᠥᠩᠬᠡ ᠰᠤᠪᠠᠭ︾ ᠲᠤ ᠣᠷᠣᠵᠤ ᠵᠣᠬᠢᠬᠤ | ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ︽ᠰᠦᠯᠵᠢᠶᠡᠨ | ᠳᠡᠭᠡᠷ᠎ᠡ ᠨᠡᠷ᠎ᠡ ᠮᠡᠳᠡᠭᠦᠯᠬᠦ ᠡᠭᠦᠳᠡ︾ ᠶᠢ ᠰᠣᠩᠭᠤᠵᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠡᠷᠡᠭᠲᠡᠶ᠃ | ︵ᠨᠢᠭᠡ︶ ᠨᠡᠷ᠎ᠡ ᠮᠡᠳᠡᠭᠦᠯᠬᠦ ᠴᠠᠭ | ᠬᠡᠤᠬᠡᠳ ᠤᠨ ᠴᠡᠴᠡᠷᠯᠢᠭ ᠤᠨ ᠨᠡᠷ᠎ᠡ ᠮᠡᠳᠡᠭᠦᠯᠬᠦ ᠴᠠᠭ᠄ 2023 ᠣᠨ ᠤ 8 ᠰᠠᠷ᠎ᠠ ᠶᠢᠨ 14 ᠤ ᠡᠳᠦᠷ᠂ | ᠦᠳᠡ ᠶᠢᠨ ᠡᠮᠦᠨᠡᠬᠢ 9᠄ 00 ᠠᠴᠠ 18᠄ 00 ᠪᠣᠯᠲᠠᠯ᠎ᠠ | ᠪᠠᠭ᠎ᠠ ᠰᠤᠷᠭᠠᠭᠤᠯᠢ ᠶᠢᠨ ᠨᠡᠷ᠎ᠡ ᠮᠡᠳᠡᠭᠦᠯᠬᠦ ᠴᠠᠭ᠄ 2023 ᠣᠨ ᠤ 8 ᠰᠠᠷ᠎ᠠ ᠶᠢᠨ 15 ᠤ ᠡᠳᠦᠷ — | 16 ᠤ ᠡᠳᠦᠷ᠂ ᠦᠳᠡ ᠶᠢᠨ ᠡᠮᠦᠨᠡᠬᠢ 9᠄ 00 ᠠᠴᠠ 18᠄ 00 | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠷ᠎ᠡ ᠮᠡᠳᠡᠭᠦᠯᠬᠦ ᠴᠠᠭ᠄ 2023 ᠣᠨ ᠤ 8 ᠰᠠᠷ᠎ᠠ ᠶᠢᠨ | 17 ᠤ ᠡᠳᠦᠷ᠂ ᠦᠳᠡ ᠶᠢᠨ ᠡᠮᠦᠨᠡᠬᠢ 9᠄ 00 ᠠᠴᠠ 18᠄ 00 ᠪᠣᠯᠲᠠᠯ᠎ᠠ | ︵ᠬᠤᠶᠠᠷ︶ ᠬᠢᠨᠠᠨ ᠬᠠᠷᠭᠤᠭᠤᠯᠤᠭᠰᠠᠨ ᠴᠠᠭ | 2023 ᠣᠨ ᠤ 8 ᠰᠠᠷ᠎ᠠ ᠶᠢᠨ 14 ᠤ ᠡᠳᠦᠷ — 8 ᠰᠠᠷ᠎ᠠ ᠶᠢᠨ 18 ᠤ ᠡᠳᠦᠷ᠂ ᠦᠳᠡ ᠶᠢᠨ | ᠡᠮᠦᠨᠡᠬᠢ 9᠄ 00 ᠠᠴᠠ 18᠄ 00 ᠪᠣᠯᠲᠠᠯ᠎ᠠ | ︵ᠭᠤᠷᠪᠠ︶ ᠮᠡᠳᠡᠭᠦᠯᠬᠦ ᠴᠤᠪᠤᠷᠠᠯ | 1. ᠪᠠᠶᠠᠨᠬᠤᠲᠠ ᠪᠠᠯᠭᠠᠰᠤ ᠶᠢᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠵᠢᠴᠢ ᠪᠠᠷᠠᠭᠤᠨ | ᠬᠤᠲᠠ ᠲᠣᠭᠤᠷᠢᠭ ᠤᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠣᠷᠣᠬᠤ | ᠨᠥᠬᠦᠴᠡᠯ ᠳᠤ ᠨᠡᠶᠢᠴᠡᠬᠦ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠣᠯᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠨᠢᠭᠡᠳᠦᠭᠡᠷ ᠣᠨ᠂ ᠳᠣᠯᠣᠳᠤᠭᠠᠷ ᠣᠨ ᠤ ᠰᠢᠨ᠎ᠡ ᠰᠣᠷᠣᠭᠴᠢ ᠪᠦᠬᠦᠨ ᠲᠣᠭᠲᠠᠭᠰᠠᠨ ᠨᠡᠷ᠎ᠡ | ᠮᠡᠳᠡᠭᠦᠯᠬᠦ ᠴᠠᠭ ᠤᠨ ᠳᠣᠲᠣᠷ᠎ᠠ ᠭᠠᠷ ᠤᠲᠠᠰᠤᠨ ᠤ ᠰᠣᠹᠲ ᠪᠤᠶᠤ ᠺᠣᠮᠫᠢᠦ᠋ᠲ᠋ᠧᠷ ᠤᠨ ᠦᠵᠦᠭᠦᠷ ᠢᠶᠠᠷ ᠳᠠᠮᠵᠢᠭᠤᠯᠤᠨ | ︽ᠮᠥᠩᠬᠡ ᠰᠤᠪᠠᠭ ᠤᠨ app︾ ᠰᠣᠷᠣᠭᠴᠢ ᠡᠯᠰᠡᠬᠦ ᠰᠢᠰᠲ᠋ᠧᠮ ᠳᠤ ᠭᠠᠷᠴᠤ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠬᠦ ᠬᠡᠷᠡᠭᠲᠡᠶ᠃ ᠬᠢᠨᠠᠨ ᠬᠠᠮᠠᠭᠠᠯᠠᠭᠴᠢ ᠵᠢᠴᠢ ᠰᠤᠷᠭᠠᠭᠤᠯᠢ ᠳᠤ ᠤᠷᠤᠭᠰᠠᠨ ᠬᠡᠤᠬᠡᠳ ᠤᠨ ᠮᠡᠳᠡᠭᠡ ᠵᠠᠩᠭᠢ ᠶᠢ | ᠦᠨᠡᠨ ᠪᠣᠳᠠᠲᠠᠶ ᠪᠠᠷ᠂ ᠣᠨᠣᠪᠴᠢᠲᠠᠶ ᠲᠠᠭᠯᠠᠨ ᠮᠡᠳᠡᠭᠦᠯᠬᠦ ᠶᠢᠨ ᠬᠠᠮᠲᠤ ᠮᠡᠳᠡᠭᠡ ᠵᠠᠩᠭᠢ ᠶᠢᠨ ᠣᠨᠣᠪᠴᠢᠲᠤ ᠴᠢᠨᠠᠷ | ᠪᠠ ᠦᠨᠡᠨ ᠪᠣᠳᠠᠲᠤ ᠴᠢᠨᠠᠷ ᠲᠤ ᠬᠠᠷᠢᠭᠤᠴᠠᠬᠤ ᠶᠢᠨ ᠬᠠᠮᠲᠤ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ | ᠭᠠᠷ ᠤᠲᠠᠰᠤᠨ ᠤ ᠰᠣᠹᠲ᠄ ︽ᠮᠥᠩᠬᠡ ᠰᠤᠪᠠᠭ ᠤᠨ app︾ ᠳᠤ ᠬᠦᠷᠴᠦ ᠠᠯᠠᠱᠠ ᠠᠶᠢᠮᠠᠭ ᠤᠨ | ᠣᠷᠣᠨ ᠤ ᠬᠤᠪᠢᠶᠠᠷᠢᠯᠠᠯ ᠢ ᠰᠣᠩᠭᠤᠵᠤ᠂ ᠲᠦᠷᠦᠭᠦᠤ ᠨᠢᠭᠤᠷ ᠲᠠᠬᠢ ︽ᠨᠢᠭᠡ ᠶᠠᠪᠤᠳᠠᠯ ᠤᠨ ᠲᠤᠰᠬᠠᠶ ᠣᠷᠣᠨ︾ | ᠳᠤ ︽ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ︾ ᠲᠦᠷᠭᠡᠨ ᠨᠡᠪᠲᠡᠷᠡᠬᠦ ᠵᠠᠮ ᠪᠤᠶᠤ ︽ᠰᠤᠷᠭᠠᠨ | ᠬᠥᠮᠦᠵᠢᠯ ᠤᠨ ᠲᠥᠷᠥᠯ ᠠᠩᠭᠢᠯᠠᠯ︾ ᠭᠡᠬᠦ ᠭᠤᠤᠯ ᠰᠡᠳᠦᠪᠲᠦ ᠠᠭᠤᠯᠭ᠎ᠠ ᠶᠢ ᠲᠣᠪᠴᠢᠳᠠᠨ ᠰᠦᠯᠵᠢᠶᠡᠨ ᠳᠡᠭᠡᠷ᠎ᠡ | ᠮᠡᠳᠡᠭᠦᠯᠦᠨ᠎ᠡ᠃ | ᠺᠣᠮᠫᠢᠦ᠋ᠲ᠋ᠧᠷ ᠤᠨ ᠦᠵᠦᠭᠦᠷ᠄ ᠲᠡᠮᠳᠡᠭᠯᠡᠬᠦ | Http://zwfw.als.gov.cn:8087/site/newborn/index.do.http://zwfw. | als.gov.cn:8087/site/newborn/index.do. ︽ᠰᠢᠨ᠎ᠡ ᠰᠣᠷᠣᠭᠴᠢ ᠶᠢᠨ ᠰᠤᠷᠭᠠᠭᠤᠯᠢ ᠳᠤ | ᠣᠷᠣᠬᠤ ᠨᠢᠭᠡ ᠤᠴᠢᠷ︾ ᠭᠡᠬᠦ ᠭᠤᠤᠯ ᠰᠡᠳᠦᠪ ᠤᠨ ᠠᠭᠤᠯᠭ᠎ᠠ ᠶᠢ ᠳᠣᠤᠷ᠎ᠠ ᠨᠢ ᠰᠦᠯᠵᠢᠶᠡᠨ ᠳᠡᠭᠡᠷ᠎ᠡ ᠭᠤᠶᠤᠴᠢᠯᠠᠨ | ᠮᠡᠳᠡᠭᠦᠯᠦᠨ᠎ᠡ᠃ | 2. ᠬᠢᠨᠠᠨ ᠬᠠᠮᠠᠭᠠᠯᠠᠭᠴᠢ ᠨᠢ ᠬᠡᠷ ᠪᠠᠶᠢᠰᠢᠩ ᠲᠠᠢ ᠪᠥᠭᠡᠳ ᠦᠨᠡᠮᠯᠡᠯ ᠲᠠᠢ ᠮᠥᠷᠲᠡᠭᠡᠨ ᠪᠣᠳᠠᠲᠠᠶ ᠣᠷᠣᠰᠢᠨ | ᠰᠠᠭᠤᠵᠤ ᠪᠠᠶᠢᠭ᠎ᠠ ᠰᠢᠨ᠎ᠡ ᠰᠣᠷᠣᠭᠴᠢ ᠳᠤ᠂ ᠡᠷᠦᠬᠡ ᠠᠮᠠ ᠶᠢᠨ ᠳᠡᠪᠲᠡᠷ ᠤᠨ ᠣᠭ ᠮᠠᠲ᠋ᠧᠷᠢᠶᠠᠯ ᠪᠠ ᠬᠡᠷ | ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠤᠨ | ᠮᠡᠳᠡᠭᠡ ᠵᠠᠩᠭᠢ ᠶᠢ ᠳᠡᠭᠡᠭᠰᠢ ᠳᠠᠮᠵᠢᠭᠤᠯᠵᠤ᠂ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠠᠴᠠ ᠲᠣᠮᠣ ᠳ᠋ᠠᠶᠢᠲ᠋ᠠ ᠳᠤ ᠵᠠᠳᠠᠯᠤᠯᠲᠠ ᠬᠢᠵᠦ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠤᠷᠭᠠᠭᠤᠯᠢ | ᠬᠤᠪᠢᠶᠠᠷᠢᠯᠠᠬᠤ ᠶᠢ ᠲᠣᠭᠲᠠᠭᠠᠨ᠎ᠠ᠃ | 3. ᠪᠠᠶᠠᠨᠬᠤᠲᠠ ᠪᠠᠯᠭᠠᠰᠤ ᠶᠢᠨ ᠲᠣᠭᠤᠷᠢᠭ ᠲᠤ ᠲᠦᠷᠢᠶᠡᠰᠦᠯᠡᠨ ᠰᠠᠭᠤᠬᠤ᠂ ᠭᠤᠷᠪᠠᠨ ᠦᠶ᠎ᠡ ᠪᠠᠷ ᠢᠶᠠᠨ | ᠬᠠᠮᠲᠤ ᠰᠠᠭᠤᠬᠤ ᠵᠡᠷᠭᠡ ᠪᠠᠶᠢᠳᠠᠯ ᠲᠠᠢ ᠪᠣᠯ᠂ ᠡᠴᠢᠭᠡ ᠡᠬᠡ ᠵᠢᠴᠢ ᠦᠷ᠎ᠡ ᠬᠡᠤᠬᠡᠳ ︵ᠬᠡᠷ ᠪᠦᠯᠢ ᠶᠢᠨ ᠪᠥᠬᠦ | ᠪᠦᠷᠢᠯᠳᠦᠬᠦᠨ︶ ᠢ ᠪᠠᠶᠠᠨᠬᠤᠲᠠ ᠪᠠᠯᠭᠠᠰᠤ ᠶᠢᠨ ᠲᠣᠭᠤᠷᠢᠭ ᠲᠤ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠮᠡᠳᠡᠭᠡ | ᠵᠠᠩᠭᠢ ᠶᠢ ᠪᠠᠶᠢᠴᠠᠭᠠᠨ ᠯᠠᠪᠯᠠᠭᠰᠠᠨ ᠭᠡᠷᠡᠴᠢ ᠥᠬᠡᠶ ᠪᠠᠶᠢᠬᠤ ᠬᠡᠷᠡᠭᠲᠡᠶ᠃ ᠲᠦᠷᠢᠶᠡᠰᠦᠯᠡᠨ ᠰᠠᠭᠤᠬᠤ ᠳᠤ | ᠲᠦᠷᠢᠶᠡᠰᠦᠯᠡᠨ ᠰᠠᠭᠤᠬᠤ ᠭᠡᠷ᠎ᠡ ᠶᠢᠨ ᠤᠭ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ ᠲᠦᠷᠢᠶᠡᠰᠦᠯᠡᠨ ᠰᠠᠭᠤᠬᠤ | ᠭᠡᠷ᠎ᠡ ᠶᠢᠨ ᠦᠨᠡᠨ ᠪᠣᠳᠠᠲᠤ ᠴᠢᠨᠠᠷ ᠢ ᠠᠮᠠᠯᠠᠬᠤ ᠶᠢᠨ ᠬᠠᠮᠲᠤ ᠭᠡᠷ ᠪᠠᠶᠢᠰᠢᠩ ᠲᠦᠷᠢᠶᠡᠰᠦᠯᠡᠭᠦᠯᠦᠭᠴᠢ ᠶᠢᠨ ᠭᠡᠷ | ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠤᠨ ᠤᠭ ᠮᠠᠲ᠋ᠧᠷᠢᠶᠠᠯ ︵ᠦᠯᠦ ᠬᠥᠳᠡᠯᠬᠦ ᠬᠦᠷᠦᠩᠭᠡ ᠶᠢᠨ | ᠡᠷᠬᠡ ᠶᠢᠨ ᠦᠨᠡᠮᠯᠡᠯ︶ ᠢ ᠳᠡᠭᠡᠭᠰᠢ ᠳᠠᠮᠵᠢᠭᠤᠯᠬᠤ ᠬᠡᠷᠡᠭᠲᠡᠶ᠃ ᠭᠤᠷᠪᠠᠨ ᠦᠶ᠎ᠡ ᠪᠠᠷ ᠢᠶᠠᠨ ᠬᠠᠮᠲᠤ ᠰᠠᠭᠤᠭᠰᠠᠳ ᠢ | ᠡᠪᠦᠭᠡ ᠡᠮᠡᠭᠡ ︵ᠨᠠᠭᠠᠴᠤ ᠡᠪᠦᠭᠡ ᠡᠮᠡᠭᠡ︶ ᠶᠢᠨ ᠡᠷᠦᠬᠡ ᠠᠮᠠ ᠶᠢᠨ ᠳᠡᠪᠲᠡᠷ ᠵᠢᠴᠢ ᠬᠡᠷ ᠪᠠᠶᠢᠰᠢᠩ ᠤᠨ | ᠥᠮᠴᠢᠯᠡᠯ ᠤᠨ ᠡᠷᠬᠡ ᠶᠢᠨ ᠦᠨᠡᠮᠯᠡᠯ ᠤᠨ ᠣᠭ ᠮᠠᠲ᠋ᠧᠷᠢᠶᠠᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ | ᠦᠨᠡᠮᠯᠡᠯ︶ ᠳᠤ ᠳᠠᠮᠵᠢᠭᠤᠯᠵᠤ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠯᠠᠱᠠ ᠵᠡᠭᠦᠨ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠣᠮᠣ ᠳ᠋ᠠᠶᠢᠲ᠋ᠠ ᠳᠤ ᠵᠠᠳᠠᠯᠤᠯᠲᠠ ᠬᠢᠵᠦ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠰᠤᠷᠭᠠᠭᠤᠯᠢ ᠬᠤᠪᠢᠶᠠᠷᠢᠯᠠᠬᠤ ᠪᠠᠷ ᠲᠣᠭᠲᠠᠭᠠᠨ᠎ᠠ᠃ | 4. ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠬᠡᠤᠬᠡᠳ ᠤᠨ ᠴᠡᠴᠡᠷᠯᠢᠭ ᠢ | ᠰᠦᠯᠵᠢᠶᠡᠨ ᠭᠠᠳᠠᠨ᠎ᠠ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠨᠡᠷ᠎ᠡ ᠮᠡᠳᠡᠭᠦᠯᠬᠦ ᠴᠠᠭ ᠢ ︽ | ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ | ᠴᠠᠭ ᠲᠠᠢ ᠠᠳᠠᠯᠢ ᠪᠠᠶᠢᠯᠭᠠᠨ᠎ᠠ᠃ | 5. ᠬᠠᠷᠠᠭᠠᠯᠵᠠᠯ ᠭᠥᠷᠳᠡᠬᠦ ᠡᠲᠡᠭᠡᠳ ᠤᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠵᠤ ᠴᠡᠴᠡᠷᠯᠢᠭ ᠲᠤ | ᠣᠷᠣᠬᠤ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠲᠣᠭᠲᠠᠭᠰᠠᠨ ᠨᠡᠷ᠎ᠡ ᠮᠡᠳᠡᠭᠦᠯᠬᠦ ᠴᠠᠭ ᠤᠨ ᠳᠣᠲᠣᠷ᠎ᠠ ︽ᠮᠥᠩᠬᠡ | ᠰᠤᠪᠠᠭ app︾ ᠤᠨ ᠰᠣᠷᠣᠭᠴᠢ ᠡᠯᠰᠡᠬᠦ ᠰᠢᠰᠲ᠋ᠧᠮ ᠳᠤ ᠬᠦᠷᠴᠦ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ | ᠂ ᠰᠢᠰᠲ᠋ᠧᠮ ᠤᠨ ᠰᠠᠨᠠᠭᠤᠯᠤᠮᠵᠢ ᠶᠢᠨ ᠶᠣᠰᠣᠭᠠᠷ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠤᠨ ᠣᠭ ᠮᠠᠲ᠋ᠧᠷᠢᠶᠠᠯ ᠢ | ᠳᠡᠭᠡᠭᠰᠢ ᠳᠠᠮᠵᠢᠭᠤᠯᠬᠤ ᠬᠡᠷᠡᠭᠲᠡᠶ᠃ | 6. ᠬᠢᠨᠠᠨ ᠬᠠᠮᠠᠭᠠᠯᠠᠭᠴᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠢ ᠬᠢᠨᠠᠨ ᠬᠠᠷᠭᠤᠭᠤᠯᠵᠤ ᠪᠠᠲᠤᠯᠠᠭᠰᠠᠨ ᠤ | ᠳᠠᠷᠠᠭ᠎ᠠ ᠰᠤᠷᠭᠠᠭᠤᠯᠢ ᠶᠢᠨ ᠲᠣᠭᠤᠷᠢᠭ ᠢ ᠲᠣᠭᠲᠠᠭᠠᠨ᠎ᠠ᠂ ᠰᠤᠷᠭᠠᠭᠤᠯᠢ ᠶᠢᠨ ᠲᠣᠭᠤᠷᠢᠭ ᠢ ᠲᠣᠭᠲᠠᠭᠠᠭᠰᠠᠨ ᠦᠷ᠎ᠡ | ᠳ᠋ᠦᠩ ᠢ ᠭᠠᠷ ᠤᠲᠠᠰᠤᠨ ᠤ ᠣᠬᠤᠷ ᠴᠢᠮᠡᠭᠡᠨ ᠤ ᠬᠡᠯᠪᠡᠷᠢ ᠪᠠᠷ ᠬᠢᠨᠠᠨ ᠬᠠᠮᠠᠭᠠᠯᠠᠭᠴᠢ ᠳᠤ ᠮᠡᠳᠡᠭᠳᠡᠨ᠎ᠡ᠃ ᠬᠢᠨᠠᠨ | ᠬᠠᠮᠠᠭᠠᠯᠠᠭᠴᠢ ᠨᠢ ︽ᠨᠡᠷ᠎ᠡ ᠮᠡᠳᠡᠭᠦᠯᠬᠦ ᠮᠡᠳᠡᠭᠳᠡᠯ ᠤᠨ ᠬᠠᠭᠤᠳᠠᠰᠤ︾ ᠶᠢ ᠳᠠᠷᠤᠮᠠᠯᠯᠠᠵᠤ ᠪᠠᠶᠢᠭ᠎ᠠ | ᠰᠤᠷᠭᠠᠭᠤᠯᠢ ᠳᠠᠭᠠᠨ ᠬᠦᠷᠴᠦ ᠰᠤᠷᠭᠠᠭᠤᠯᠢ ᠳᠤ ᠣᠷᠣᠬᠤ ᠳᠡᠩᠰᠡᠯᠡᠯᠲᠡ ᠬᠢᠯᠭᠡᠬᠦ ᠬᠡᠷᠡᠭᠲᠡᠶ᠂ ᠰᠤᠷᠭᠠᠭᠤᠯᠢ ᠳᠤ | ᠣᠷᠣᠬᠤ ᠳᠡᠩᠰᠡᠯᠡᠯᠲᠡ ᠶᠢᠨ ᠴᠠᠭ ᠨᠢ 8 ᠰᠠᠷ᠎ᠠ ᠶᠢᠨ 22 ᠤᠨ ᠡᠳᠦᠷ ᠪᠣᠯᠤᠨ᠎ᠠ᠃ | ︵ᠲᠦᠷᠪᠡ︶ ᠪᠤᠰᠤᠳ ᠵᠦᠢᠯ ᠤᠳ | 1. ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠣᠷᠣᠬᠤ ᠨᠥᠬᠦᠴᠡᠯ ᠳᠤ ᠨᠡᠶᠢᠴᠡᠬᠦ ᠥᠬᠡᠶ | ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠣᠯ ᠪᠠᠶᠠᠨᠬᠤᠲᠠ ᠪᠠᠯᠭᠠᠰᠤ ᠶᠢᠨ ᠡᠯ᠎ᠡ ᠠᠷᠠᠳ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠲᠤ ᠪᠡᠶ᠎ᠡ ᠪᠠᠨ ᠳᠠᠭᠠᠭᠠᠨ ᠨᠡᠷ᠎ᠡ ᠮᠡᠳᠡᠭᠦᠯᠵᠦ ᠰᠤᠷᠭᠠᠭᠤᠯᠢ ᠳᠤ ᠣᠷᠣᠵᠤ ᠪᠣᠯᠤᠨ᠎ᠠ᠂ ᠨᠡᠷ᠎ᠡ | ᠮᠡᠳᠡᠭᠦᠯᠬᠦ ᠴᠠᠭ ᠢ ᠵᠠᠷᠴᠢᠮ ᠳᠡᠭᠡᠷ᠎ᠡ ᠪᠠᠨ ︽ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ ᠨᠢᠭᠡ ᠶᠠᠪᠤᠳᠠᠯ︾ | ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠲᠠᠢ ᠠᠳᠠᠯᠢ ᠪᠠᠶᠢᠯᠭᠠᠨ᠎ᠠ᠃ | 2. ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠬᠢᠨᠠᠨ ᠬᠠᠷᠭᠤᠭᠤᠯᠬᠤ ᠳᠤ ᠬᠢᠷᠢ ᠲᠡᠩᠴᠡᠭᠰᠡᠨ ᠥᠬᠡᠶ ᠪᠤᠶᠤ | ᠣᠨᠴᠠᠭᠠᠶ ᠪᠠᠶᠢᠳᠠᠯ ᠲᠠᠢ ᠪᠠᠶᠢᠪᠠᠯ᠂ ᠬᠠᠮᠢᠶ᠎ᠠ ᠪᠥᠬᠦᠶ ᠭᠡᠷᠡᠴᠢ ᠦᠨᠡᠮᠯᠡᠯ ᠤᠨ ᠣᠭ ᠮᠠᠲ᠋ᠧᠷᠢᠶᠠᠯ ᠵᠢᠴᠢ ᠬᠠᠭᠤᠯᠪᠤᠷᠢ ᠶᠢ | ᠠᠪᠴᠤ 8 ᠰᠠᠷ᠎ᠠ ᠶᠢᠨ 19 ᠤ ᠡᠳᠦᠷ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠵᠢᠭᠠᠨ ᠲᠣᠭᠲᠠᠭᠠᠭᠰᠠᠨ ᠨᠡᠷ᠎ᠡ ᠮᠡᠳᠡᠭᠦᠯᠬᠦ ᠭᠠᠵᠠᠷ ᠲᠤ ᠬᠦᠷᠴᠦ ᠨᠡᠷ᠎ᠡ ᠮᠡᠳᠡᠭᠦᠯᠵᠦ ᠪᠣᠯᠤᠨ᠎ᠠ ︵ | ᠠᠯᠠᠱᠠ ᠵᠡᠭᠦᠨ ᠬᠤᠰᠢᠭᠤᠨ ᠤ ᠨᠠᠢᠮᠠᠳᠤᠭᠠᠷ ᠪᠠᠭ᠎ᠠ ᠰᠤᠷᠭᠠᠭᠤᠯᠢ︶᠂ ᠲᠡᠷᠡᠴᠢᠯᠡᠨ ᠬᠠᠷᠢᠴᠠᠩᠭᠤᠶ ᠪᠠᠷ ᠣᠶᠢᠷ᠎ᠠ | ᠬᠠᠪᠢ ᠶᠢᠨ ᠵᠠᠷᠴᠢᠮ ᠢᠶᠠᠷ ᠨᠢᠭᠡᠳᠦᠯᠲᠡᠶ ᠲᠥᠯᠥᠪᠯᠡᠵᠦ ᠰᠤᠷᠤᠯᠴᠠᠭᠤᠯᠤᠨ᠎ᠠ᠃ ᠬᠤᠪᠢᠶᠠᠷᠢᠯᠠᠬᠤ ᠨᠡᠷᠡᠰ ᠢ 2022 | ᠣᠨ ᠤ 8 ᠰᠠᠷ᠎ᠠ ᠶᠢᠨ 25 ᠤ ᠡᠳᠦᠷ ᠠᠯᠠᠱᠠ ᠵᠡᠭᠦᠨ ᠬᠤᠰᠢᠭᠤᠨ ᠤ ᠨᠠᠢᠮᠠᠳᠤᠭᠠᠷ ᠪᠠᠭ᠎ᠠ ᠰᠤᠷᠭᠠᠭᠤᠯᠢ ᠶᠢᠨ | ᠡᠭᠦᠳᠡᠨ ᠳᠤ ᠵᠠᠷᠯᠠᠪᠠ᠃ | 3. ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠷᠢᠶ᠎ᠠ ᠶᠢᠨ ᠨᠢᠭᠡᠳᠦᠭᠡᠷ ᠣᠨ ᠤ ᠰᠤᠷᠭᠠᠭᠤᠯᠢ ᠳᠤ | ᠣᠷᠣᠭᠰᠠᠨ ᠰᠢᠨ᠎ᠡ ᠰᠣᠷᠣᠭᠴᠢ ᠡᠷᠬᠡᠪᠰᠢ ᠡᠷᠦᠬᠡ ᠠᠮᠠ ᠶᠢᠨ ᠬᠠᠷᠢᠶ᠎ᠠ ᠳᠠᠬᠢ ᠰᠤᠮᠤ ᠪᠠᠯᠭᠠᠰᠤ ᠪᠤᠶᠤ ᠨᠡᠶᠢᠭᠡᠮ | ᠲᠣᠭᠤᠷᠢᠭ ᠲᠤ ᠬᠦᠷᠴᠦ ᠰᠤᠷᠭᠠᠭᠤᠯᠢ ᠳᠤ ᠣᠷᠣᠬᠤ ᠮᠡᠳᠡᠭᠳᠡᠯ ᠤᠨ ᠬᠠᠭᠤᠳᠠᠰᠤ ᠪᠠᠨ ᠠᠪᠴᠤ᠂ ᠰᠤᠷᠭᠠᠭᠤᠯᠢ ᠳᠤ | ᠣᠷᠣᠬᠤ ᠪᠠᠨ ᠳᠠᠩᠰᠠᠯᠠᠭᠤᠯᠬᠤ ᠳᠠᠭᠠᠨ ᠰᠤᠷᠭᠠᠭᠤᠯᠢ ᠳᠤ ᠲᠤᠰᠢᠶᠠᠬᠤ ᠬᠡᠷᠡᠭᠲᠡᠶ᠃ | 4. ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ 2023 | ᠣᠨ ᠤ 8 ᠰᠠᠷ᠎ᠠ ᠶᠢᠨ 23 ᠤ ᠡᠳᠦᠷ ᠳᠤᠮᠳᠠᠳᠤ ᠪᠠᠭ᠎ᠠ ᠰᠤᠷᠭᠠᠭᠤᠯᠢ ᠶᠢᠨ ᠰᠢᠨ᠎ᠡ ᠰᠤᠷᠤᠭᠴᠢᠳ ᠤᠨ | ᠰᠤᠷᠭᠠᠭᠤᠯᠢ ᠳᠤ ᠣᠷᠣᠬᠤ ᠬᠤᠪᠢᠶᠠᠷᠢᠯᠠᠯᠲᠠ ᠶᠢᠨ ᠨᠡᠷᠡᠰ ᠢ ᠡᠯ᠎ᠡ ᠰᠤᠷᠭᠠᠭᠤᠯᠢ ᠳᠤ ᠲᠠᠷᠬᠠᠭᠠᠨ᠎ᠠ᠃ | ᠳᠥᠷᠪᠡ᠂ ᠢᠯᠡ ᠪᠠᠷ ᠠᠩᠭᠢ ᠬᠤᠪᠢᠶᠠᠬᠤ ᠶᠢ ᠪᠠᠷᠢᠮᠲᠠᠯᠠᠨ᠎ᠠ | ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠢᠯᠡ ᠪᠠᠷ ᠠᠩᠭᠢ | ᠬᠤᠪᠢᠶᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠯᠡ ᠲᠣᠳᠣ ᠪᠠᠶᠢᠬᠤ ᠶᠢ ᠪᠠᠷᠢᠮᠲᠠᠯᠠᠨ᠂ ᠨᠡᠶᠢᠭᠡᠮ ᠤᠨ | ᠬᠢᠨᠠᠯᠲᠠ ᠶᠢ ᠬᠦᠯᠢᠶᠡᠬᠦ ᠬᠡᠷᠡᠭᠲᠡᠶ᠃ ᠡᠯ᠎ᠡ ᠰᠤᠷᠭᠠᠭᠤᠯᠢ ︵ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ | ᠪᠠᠶᠢᠭᠰᠠᠨ ᠰᠤᠷᠭᠠᠭᠤᠯᠢ ᠶᠢ ᠪᠠᠭᠲᠠᠭᠠᠨ᠎ᠠ︶ ᠨᠤᠭᠤᠳ ᠨᠡᠷᠡᠨ ᠤ ᠭᠡᠷᠡᠯ ᠢᠶᠠᠷ ᠠᠩᠭᠢ ᠬᠤᠪᠢᠶᠠᠬᠤ ᠶᠢ | ᠲᠡᠩᠴᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠨᠡᠬᠦ ᠠᠵᠢᠯ ᠢ ᠰᠠᠶᠢᠲᠤᠷ ᠬᠢᠬᠦ ᠶᠢ | ᠰᠤᠷᠭᠠᠭᠤᠯᠢ ᠡᠷᠭᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠬᠤ᠂ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ | ᠰᠢᠰᠲ᠋ᠧᠮ ᠤᠨ ᠵᠠᠰᠠᠭ ᠤᠨ ᠰᠤᠷᠲᠠᠯ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ᠂ | ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ | ᠲᠡᠩᠴᠡᠭᠦᠷᠢ ᠲᠠᠢ ᠪᠠᠷ ᠠᠩᠭᠢ ᠬᠤᠪᠢᠶᠠᠬᠤ ᠠᠵᠢᠯ ᠤᠨ ᠵᠣᠬᠢᠶᠠᠨ ᠪᠠᠶᠢᠭᠤᠯᠤᠯᠲᠠ ᠪᠠ ᠤᠳᠤᠷᠢᠳᠤᠯᠭ᠎ᠠ ᠶᠢ ᠦᠨᠡᠨᠬᠦ | ᠴᠢᠩᠭᠠᠳᠬᠠᠵᠤ᠂ ᠲᠡᠩᠴᠡᠭᠦᠷᠢ ᠲᠠᠢ ᠪᠠᠷ᠂ ᠢᠯᠡ ᠪᠠᠷ ᠠᠩᠭᠢ ᠬᠤᠪᠢᠶᠠᠬᠤ ᠠᠵᠢᠯ ᠤᠨ ᠢᠯᠡ᠂ ᠡᠮᠬᠢ ᠵᠢᠷᠤᠮ ᠲᠠᠢ᠂ | ᠵᠢᠷᠤᠮᠵᠢᠯ ᠲᠠᠢ ᠪᠠᠷ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | 1. ᠰᠣᠷᠣᠭᠴᠢ ᠶᠢ ᠲᠡᠩᠴᠡᠭᠦᠷᠢ ᠲᠠᠢ ᠪᠠᠷ ᠠᠩᠭᠢ ᠬᠤᠪᠢᠶᠠᠨ᠎ᠠ᠃ ᠠᠩᠭᠢ ᠬᠤᠪᠢᠶᠠᠬᠤ ᠳᠤ ︽ᠲᠠᠪᠤ ᠶᠢ | ᠲᠡᠩᠴᠡᠭᠦᠷᠢᠲᠡᠶ ᠪᠠᠶᠢᠯᠭᠠᠬᠤ︾ ︵ᠳᠠᠷᠤᠶ᠄ ᠰᠣᠷᠣᠭᠴᠢ ᠶᠢᠨ ᠲᠤᠭ᠎ᠠ ᠶᠢ ᠲᠡᠩᠴᠡᠭᠦᠷᠢᠲᠡᠶ ᠪᠠᠶᠢᠯᠭᠠᠬᠤ᠂ ᠡᠷᠡᠭᠲᠡᠶ | ᠡᠮᠡᠭᠲᠡᠶ ᠬᠦᠶᠰᠦ ᠶᠢᠨ ᠢᠯᠭᠠᠯ ᠢ ᠲᠡᠩᠴᠡᠭᠦᠷᠢᠲᠡᠶ ᠪᠠᠶᠢᠯᠭᠠᠬᠤ᠂ ᠦᠨᠳᠦᠰᠦᠲᠡᠨ ᠤ ᠪᠦᠷᠢᠯᠳᠦᠬᠦᠨ ᠢ ᠲᠡᠩᠴᠡᠭᠦᠷᠢᠲᠡᠶ | ᠪᠠᠶᠢᠯᠭᠠᠬᠤ᠂ ᠡᠷᠳᠡᠮ ᠮᠡᠳᠡᠯᠭᠡ ᠶᠢᠨ ᠬᠢᠷᠢ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ᠂ ᠠᠶᠢᠮᠠᠭ ᠤᠨ ᠳᠣᠲᠣᠷ᠎ᠠ | ᠭᠠᠳᠠᠨᠠᠬᠢ ᠡᠷᠦᠬᠡ ᠠᠮᠠ ᠶᠢᠨ ᠲᠠᠩᠰᠠ ᠶᠢ ᠲᠡᠩᠴᠡᠭᠦᠷᠢᠲᠡᠶ ᠪᠠᠶᠢᠯᠭᠠᠬᠤ︶ ᠶᠢ ᠴᠢᠷᠮᠠᠶᠢᠨ ᠪᠡᠶᠡᠯᠡᠭᠦᠯᠵᠦ᠂ | ᠭᠤᠤᠯᠳᠠᠯᠭ᠎ᠠ ᠲᠠᠢ ᠠᠩᠭᠢ ᠭᠠᠷᠭᠠᠵᠤ ᠪᠣᠯᠬᠤ ᠥᠬᠡᠶ᠂ ᠡᠭᠦᠨ ᠳᠤ ᠣᠨᠴᠠ ᠴᠢᠳᠠᠪᠤᠷᠢ ᠲᠠᠢ ᠠᠩᠭᠢ᠂ ᠤᠨᠴᠠᠯᠢᠭᠳᠤ | ᠠᠩᠭᠢ᠂ ᠬᠤᠷᠳᠤᠨ ᠤᠳᠠᠭᠠᠨ ᠤ ᠠᠩᠭᠢ᠂ ᠣᠷᠦ᠋ᠢᠯᠠᠭᠴᠢ ᠶᠢᠨ ᠠᠩᠭᠢ᠂ ᠳᠤᠷ᠎ᠠ ᠰᠣᠨᠢᠷᠬᠠᠯ ᠤᠨ ᠠᠩᠭᠢ ᠪᠠ ︽ | ᠣᠯᠢᠮᠫᠢᠺ ᠤᠨ ᠤᠷᠤᠯᠳᠤᠭᠠᠨ︾ ᠤ ᠠᠩᠭᠢ᠂ ᠣᠯᠠᠨ ᠤᠯᠤᠰ ᠤᠨ ᠠᠩᠭᠢ ᠵᠡᠷᠭᠡ ᠨᠡᠷ᠎ᠡ ᠪᠠᠷ ᠬᠡᠯᠪᠡᠷᠢ ᠶᠢ ᠨᠢ | ᠥᠭᠡᠷᠡᠲᠦᠭᠦᠯᠦᠭᠰᠡᠨ ᠭᠤᠤᠯᠳᠠᠯᠭ᠎ᠠ ᠲᠠᠢ ᠠᠩᠭᠢ ᠪᠠᠭᠲᠠᠨ᠎ᠠ᠃ ᠪᠠᠶᠠᠨᠬᠤᠲᠠ ᠪᠠᠯᠭᠠᠰᠤ ᠶᠢᠨ ᠡᠯ᠎ᠡ ᠳᠤᠮᠳᠠᠳᠤ ᠪᠠᠭ᠎ᠠ | ᠰᠤᠷᠭᠠᠭᠤᠯᠢ 2023 ᠣᠨ ᠤ 8 ᠰᠠᠷ᠎ᠠ ᠶᠢᠨ 25 ᠤ ᠡᠳᠦᠷ ᠨᠡᠶᠢᠭᠡᠮ ᠨᠡᠶᠢᠲᠡ ᠳᠤ ᠲᠣᠰ ᠰᠤᠷᠭᠠᠭᠤᠯᠢ ᠶᠢᠨ | ᠰᠢᠨ᠎ᠡ ᠰᠣᠷᠣᠭᠴᠢ ᠡᠯᠰᠡᠬᠦ ᠨᠡᠷᠡᠰ ᠢ ᠨᠡᠶᠢᠲᠡᠯᠡᠭᠰᠡᠨ ᠪᠥᠭᠡᠳ 2023 ᠣᠨ ᠤ 8 ᠰᠠᠷ᠎ᠠ ᠶᠢᠨ 27 ᠤ ᠡᠳᠦᠷ | ᠨᠡᠶᠢᠭᠡᠮ ᠨᠡᠶᠢᠲᠡ ᠳᠤ ᠲᠡᠩᠴᠡᠭᠦᠷᠢ ᠲᠠᠢ ᠠᠩᠭᠢ ᠬᠤᠪᠢᠶᠠᠭᠰᠠᠨ ᠦᠷ᠎ᠡ ᠳ᠋ᠦᠩ ᠢ ᠨᠡᠶᠢᠲᠡᠯᠡᠨ᠎ᠡ᠃ | 2. ᠪᠠᠭᠰᠢ ᠶᠢ ᠲᠡᠩᠴᠡᠭᠦᠷᠢᠲᠡᠶ ᠳᠣᠭᠢᠷᠠᠭᠤᠯᠤᠨ᠎ᠠ᠃ ᠰᠣᠷᠣᠭᠴᠢ ᠶᠢ ᠠᠩᠭᠢ ᠬᠤᠪᠢᠶᠠᠬᠤ ᠪᠠ ᠠᠩᠭᠢ ᠶᠢᠨ | ᠡᠷᠬᠢᠯᠡᠭᠴᠢ᠂ ᠬᠢᠴᠢᠶᠡᠯ ᠤᠨ ᠪᠠᠭᠰᠢ ᠶᠢ ᠵᠣᠬᠢᠴᠠᠭᠤᠯᠤᠨ ᠡᠭᠦᠷᠦᠭᠦᠯᠬᠦ ᠵᠠᠷᠴᠢᠮ ᠢ ᠪᠠᠷᠢᠮᠲᠠᠯᠠᠬᠤ ᠶᠢᠨ ᠬᠠᠮᠲᠤ | ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ ᠡᠯ᠎ᠡ ᠰᠤᠷᠭᠠᠭᠤᠯᠢ ᠨᠤᠭᠤᠳ ︽ᠲᠡᠩᠴᠡᠭᠦᠯᠦᠨ ᠲᠣᠬᠢᠷᠠᠭᠤᠯᠬᠤ᠂ | ᠪᠦᠲᠦᠴᠡ ᠶᠢ ᠵᠦᠶ ᠵᠣᠬᠢᠰᠲᠠᠶ ᠪᠠᠶᠢᠯᠭᠠᠬᠤ︾ ᠵᠠᠷᠴᠢᠮ ᠶᠣᠰᠣᠭᠠᠷ᠂ ᠵᠣᠬᠢᠬᠤ ᠬᠢᠴᠢᠶᠡᠯ ᠬᠠᠷᠢᠭᠤᠴᠠᠬᠤ ᠪᠠᠭᠰᠢ ᠶᠢ | ᠲᠣᠭᠲᠠᠭᠠᠵᠤ᠂ ᠠᠩᠭᠢ ᠪᠦᠷᠢ ᠶᠢᠨ ᠪᠠᠭᠰᠢ ᠶᠢᠨ ᠬᠦᠴᠦᠨ ᠢ ᠳᠣᠭᠢᠷᠠᠭᠤᠯᠬᠤ ᠳᠠᠭᠠᠨ ᠨᠢᠭᠡᠳᠦᠯᠲᠡᠶ ᠲᠥᠯᠥᠪᠯᠡᠨ | ᠨᠡᠶᠢᠲᠡ ᠳᠤᠨᠢ ᠬᠠᠷᠠᠭᠠᠯᠵᠠᠵᠤ᠂ ᠵᠦᠶ ᠵᠣᠬᠢᠰᠲᠠᠶ ᠳᠣᠭᠢᠷᠠᠭᠤᠯᠬᠤ ᠪᠠᠷ ᠴᠢᠷᠮᠠᠶᠢᠵᠤ᠂ ᠬᠢᠴᠢᠶᠡᠯ ᠬᠠᠷᠢᠭᠤᠴᠠᠬᠤ | ᠪᠠᠭᠰᠢ ᠶᠢᠨ ᠨᠠᠰᠤ ᠵᠢᠯ᠂ ᠪᠠᠭᠰᠢᠯᠠᠭᠰᠠᠨ ᠣᠨ ᠵᠢᠯ᠂ ᠲᠤᠰᠬᠠᠶ ᠮᠡᠷᠭᠡᠵᠢᠯ ᠤᠨ ᠴᠢᠳᠠᠪᠤᠷᠢ ᠵᠡᠷᠭᠡ ᠡᠯ᠎ᠡ ᠲᠠᠯ᠎ᠠ ᠪᠠᠷ | ᠲᠡᠩᠴᠡᠭᠦᠷᠢᠲᠡᠶ ᠬᠠᠮᠲᠤᠷᠠᠯᠴᠠᠬᠤ ᠶᠢ ᠪᠡᠶᠡᠯᠡᠭᠦᠯᠬᠦ ᠬᠡᠷᠡᠭᠲᠡᠶ᠃ ᠪᠠᠶᠠᠨᠬᠤᠲᠠ ᠪᠠᠯᠭᠠᠰᠤ ᠶᠢᠨ ᠡᠯ᠎ᠡ ᠳᠤᠮᠳᠠᠳᠤ ᠪᠠᠭ᠎ᠠ | ᠰᠤᠷᠭᠠᠭᠤᠯᠢ 2023 ᠣᠨ ᠤ 8 ᠰᠠᠷ᠎ᠠ ᠶᠢᠨ 28 ᠤ ᠡᠳᠦᠷ ᠨᠡᠶᠢᠭᠡᠮ ᠨᠡᠶᠢᠲᠡ ᠳᠤ ᠰᠢᠨ᠎ᠡ ᠰᠣᠷᠣᠭᠴᠢ ᠶᠢᠨ | ᠠᠩᠭᠢ ᠶᠢᠨ ᠠᠩᠭᠢ ᠶᠢᠨ ᠡᠷᠬᠢᠯᠡᠭᠴᠢ ᠪᠠ ᠬᠢᠴᠢᠶᠡᠯ ᠤᠨ ᠪᠠᠭᠰᠢ ᠪᠠ ᠪᠠᠭᠰᠢ ᠶᠢᠨ ᠡᠩᠨᠡᠭᠡ ᠶᠢ ᠨᠡᠶᠢᠲᠡᠯᠡᠨ᠎ᠡ᠃ | 3.ᠢᠯᠡ ᠪᠠᠷ ᠠᠩᠭᠢ ᠲᠣᠭᠲᠠᠭᠠᠬᠤ ᠶᠢ ᠪᠠᠷᠢᠮᠲᠠᠯᠠᠨ᠎ᠠ᠃ ᠤᠷᠢᠳᠠᠪᠠᠷ ᠠᠩᠭᠢ ᠬᠤᠪᠢᠶᠠᠵᠤ᠂ ᠳᠠᠷᠠᠭ᠎ᠠ ᠨᠢ | ᠠᠩᠭᠢ ᠶᠢᠨ ᠡᠷᠬᠢᠯᠡᠭᠴᠢ ᠶᠢ ᠲᠣᠭᠲᠠᠭᠠᠬᠤ ︽ᠢᠯᠡ ᠪᠠᠷ ᠠᠩᠭᠢ ᠲᠣᠭᠲᠠᠭᠠᠬᠤ︾ ᠵᠠᠷᠴᠢᠮ ᠢ ᠪᠠᠷᠢᠮᠲᠠᠯᠠᠨ᠎ᠠ᠃ | ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ 2023 ᠣᠨ ᠤ 8 | ᠰᠠᠷ᠎ᠠ ᠶᠢᠨ 29 ᠤ ᠡᠳᠦᠷ ︽ᠢᠯᠡ ᠪᠠᠷ ᠠᠩᠭᠢ ᠲᠣᠭᠲᠠᠭᠠᠬᠤ︾ ᠶᠣᠰᠣᠯᠠᠯ ᠢ ᠨᠢᠭᠡᠳᠦᠯᠲᠡᠶ ᠵᠣᠬᠢᠶᠠᠨ ᠪᠠᠶᠢᠭᠤᠯᠵᠤ᠂ | ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠳᠠᠭᠠᠭᠤᠯᠤᠭᠰᠠᠨ ᠠᠩᠭᠢ ᠶᠢ ᠨᠡᠶᠢᠭᠡᠮ | ᠨᠡᠶᠢᠲᠡ ᠳᠤ ᠨᠡᠶᠢᠲᠡᠯᠡᠬᠦ ᠪᠠᠷ ᠲᠣᠭᠲᠠᠭᠠᠪᠠ᠃ | 4. ᠠᠯᠳᠠᠰᠢ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠰᠤᠷᠤᠭᠴᠢᠳ ᠨᠡᠷ᠎ᠡ ᠮᠡᠳᠡᠭᠦᠯᠦᠭᠰᠡᠨ ᠴᠠᠭ ᠢᠶᠠᠷ | ᠨᠡᠷ᠎ᠡ ᠮᠡᠳᠡᠭᠦᠯᠵᠦ ᠳᠠᠭᠤᠰᠬᠠᠬᠤ ᠬᠡᠷᠡᠭᠲᠡᠶ᠃ ᠦᠨᠡᠬᠡᠷ ᠣᠨᠴᠠᠭᠠᠶ ᠪᠠᠶᠢᠳᠠᠯ ᠳᠤ ᠨᠡᠷ᠎ᠡ ᠮᠡᠳᠡᠭᠦᠯᠦᠭᠰᠡᠨ ᠴᠠᠭ ᠤᠨ | ᠳᠣᠲᠣᠷ᠎ᠠ ᠨᠡᠷ᠎ᠡ ᠮᠡᠳᠡᠭᠦᠯᠦᠭᠰᠡᠨ ᠥᠬᠡᠶ ᠪᠠᠶᠢᠪᠠᠯ ᠲᠣᠳᠣᠷᠬᠠᠶᠢᠯᠠᠯᠲᠠ ᠬᠢᠵᠦ᠂ ᠠᠯᠠᠱᠠ ᠵᠡᠭᠦᠨ ᠬᠤᠰᠢᠭᠤᠨ ᠤ | ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ︽ᠬᠠᠷᠢᠴᠠᠩᠭᠤᠶ ᠪᠠᠷ ᠣᠶᠢᠷ᠎ᠠ ᠬᠠᠪᠢ ᠶᠢᠨ | ᠵᠠᠷᠴᠢᠮ︾ ᠶᠣᠰᠣᠭᠠᠷ ᠳᠣᠭᠢᠷᠠᠭᠤᠯᠵᠤ᠂ ᠬᠠᠮᠤᠭ ᠤᠳᠠᠭᠠᠨ ᠳᠠᠭᠠᠨ 2023 ᠣᠨ ᠤ 8 ᠰᠠᠷ᠎ᠠ ᠶᠢᠨ 23 ᠤ | ᠡᠳᠦᠷ ᠠᠴᠠ ᠣᠷᠦ᠋ᠢᠲᠠᠵᠤ ᠪᠣᠯᠬᠤ ᠥᠬᠡᠶ᠃ ᠬᠡᠷᠪᠡ ︽ᠢᠯᠡ ᠪᠠᠷ ᠠᠩᠭᠢ ᠲᠣᠭᠲᠠᠭᠠᠭᠰᠠᠨ ᠤ ᠳᠠᠷᠠᠭ᠎ᠠ ᠰᠠᠶ᠋ᠢ ᠨᠡᠷ᠎ᠡ | ᠮᠡᠳᠡᠭᠦᠯᠦᠭᠰᠡᠨ ᠰᠣᠷᠣᠭᠴᠢ ᠪᠠᠶᠢᠪᠠᠯ᠂ ᠰᠣᠷᠣᠭᠴᠢ ᠪᠣᠯᠤᠨ ᠬᠡᠷ ᠤᠨ ᠠᠬᠠᠮᠠᠳ ᠡᠷᠬᠡᠪᠰᠢ ᠠᠯᠠᠱᠠ ᠵᠡᠭᠦᠨ | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠶᠢ | ᠳᠠᠭᠠᠵᠤ ᠡᠷᠳᠡᠮ ᠤᠨ ᠴᠣᠯᠠ ᠭᠦᠶᠴᠡᠳ ᠰᠤᠷᠭᠠᠭᠤᠯᠢ ᠳᠤ ᠣᠴᠢᠵᠤ ᠰᠤᠷᠤᠯᠴᠠᠬᠤ ᠬᠡᠷᠡᠭᠲᠡᠶ ᠪᠥᠭᠡᠳ ᠠᠯᠠᠱᠠ | ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠲᠣᠰ ᠰᠣᠷᠣᠭᠴᠢ ᠶᠢ ᠵᠣᠬᠢᠶᠠᠨ | ᠪᠠᠶᠢᠭᠤᠯᠵᠤ ᠪᠠᠶᠢᠭᠠᠳ ᠢᠯᠡ ᠲᠣᠳᠣ ᠠᠷᠭ᠎ᠠ ᠮᠠᠶ᠋ᠢᠭ ᠢᠶᠠᠷ ᠪᠠᠶᠢᠭ᠎ᠠ ᠠᠩᠭᠢ ᠶᠢ ᠲᠣᠭᠲᠠᠭᠠᠬᠤ ᠬᠡᠷᠡᠭᠲᠡᠶ᠃ | ᠲᠠᠪᠤ᠂ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠲᠣᠭᠲᠠᠭᠠᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ | ᠰᠤᠷᠤᠯᠭ᠎ᠠ ᠶᠢ ᠪᠠᠲᠤᠯᠠᠬᠤ ᠠᠵᠢᠯ ᠢ ᠰᠠᠶᠢᠲᠤᠷ ᠪᠤᠶ ᠪᠦᠬᠦᠢ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ | ᠪᠠᠭᠠᠴᠤᠳ ᠤᠨ ᠠᠳᠠᠯᠢ ᠬᠢᠷᠢ ᠲᠦᠪᠰᠢᠨ ᠪᠦᠬᠦᠢ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠪᠠᠲᠤᠯᠠᠵᠤ | ᠂ ᠪᠦᠬᠦᠯᠢ 6 ᠨᠠᠰᠤ ᠬᠦᠷᠦᠭᠰᠡᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠦᠬᠦᠨ ᠲᠣᠭᠲᠠᠭᠠᠯ ᠶᠣᠰᠣᠭᠠᠷ | ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠵᠦ᠂ ᠪᠡᠶ᠎ᠡ ᠮᠠᠬᠠᠪᠣᠳ ᠪᠤᠶᠤ ᠪᠤᠰᠤᠳ ᠰᠢᠯᠲᠠᠭᠠᠨ ᠠᠴᠠ ᠪᠣᠯᠵᠣ | ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠡᠪ ᠤᠨ ᠪᠠᠶᠢᠳᠠᠯ ᠢᠶᠠᠷ ᠭᠥᠷᠳᠡᠵᠦ ᠳᠡᠶᠢᠯᠬᠦ ᠥᠬᠡᠶ ᠰᠤᠷᠬᠤ ᠨᠠᠰᠤᠨ ᠤ | ᠬᠡᠤᠬᠡᠳ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠴᠢᠬᠤᠯᠠ ᠲᠠᠢ ᠪᠣᠯ᠂ ︽ᠮᠥᠩᠬᠡ ᠰᠤᠪᠠᠭ︾ ᠤᠨ | ᠰᠣᠷᠣᠭᠴᠢ ᠡᠯᠰᠡᠬᠦ ᠰᠢᠰᠲ᠋ᠧᠮ ᠳᠡᠭᠡᠷ᠎ᠡ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠭᠠᠷᠳᠠᠮ | ᠭᠦᠶᠴᠡᠳᠬᠡᠬᠦ ᠪᠠᠷ ᠭᠤᠶᠤᠴᠢᠯᠠᠵᠤ᠂ ᠭᠤᠷᠪᠠᠳᠤᠭᠠᠷ ᠵᠡᠷᠭᠡ ᠶᠢᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠶᠢᠨ | ᠣᠨᠣᠰᠢᠯᠠᠯᠲᠠ ᠶᠢᠨ ᠭᠡᠷᠡᠴᠢ ᠶᠢᠨ ᠣᠭ ᠮᠠᠲ᠋ᠧᠷᠢᠶᠠᠯ ᠢ ᠲᠤᠰᠢᠶᠠᠬᠤ ᠬᠡᠷᠡᠭᠲᠡᠶ᠃ ᠡᠯ᠎ᠡ ᠰᠤᠮᠤ ᠪᠠᠯᠭᠠᠰᠤ᠂ ᠵᠡᠭᠡᠯᠢ | ᠭᠤᠳᠤᠮᠵᠢ ᠶᠢᠨ ᠬᠢᠨ ᠬᠠᠷᠢᠶᠠᠲᠤ ᠣᠷᠣᠨ ᠤ ᠰᠤᠷᠭᠠᠭᠤᠯᠢ ᠳᠤ ᠣᠷᠣᠬᠤ ᠨᠠᠰᠤᠨ ᠤ ᠪᠣᠯᠪᠠᠴᠤ ᠴᠠᠭ ᠲᠤᠬᠠᠶ ᠳᠤᠨᠢ | ᠰᠤᠷᠭᠠᠭᠤᠯᠢ ᠳᠤ ᠣᠷᠤᠭ᠎ᠠ ᠥᠬᠡᠶ ᠬᠡᠤᠬᠡᠳ ᠪᠠᠭᠠᠴᠤᠳ ᠲᠤ ᠪᠦᠷᠢᠳᠬᠡᠯ ᠬᠢᠬᠦ ᠬᠡᠷᠡᠭᠲᠡᠶ᠃ ᠪᠦᠬᠦᠯᠢ 6 ᠨᠠᠰᠤ | ᠭᠦᠷᠦᠭᠡᠳ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠭᠠᠷᠳᠠᠮ ᠭᠦᠶᠴᠡᠳᠬᠡᠭᠡᠳᠦᠶ ᠰᠤᠷᠭᠠᠭᠤᠯᠢ ᠳᠤ | ᠣᠷᠣᠬᠤ ᠨᠠᠰᠤᠨ ᠤ ᠬᠡᠤᠬᠡᠳ ᠢ ᠠᠯᠠᠱᠠ ᠵᠡᠭᠦᠨ ᠬᠤᠰᠢᠭᠤᠨ ᠤ ᠡᠯ᠎ᠡ ᠠᠯᠪᠠᠨ ᠠᠴᠠ ᠡᠷᠭᠢᠯᠡᠭᠰᠡᠨ᠂ ᠠᠷᠠᠳ ᠠᠴᠠ | ᠡᠷᠭᠢᠯᠡᠭᠰᠡᠨ ᠬᠡᠤᠬᠡᠳ ᠤᠨ ᠴᠡᠴᠡᠷᠯᠢᠭ ᠬᠡᠤᠬᠡᠳ ᠤᠨ ᠴᠡᠴᠡᠷᠯᠢᠭ ᠲᠤ ᠭᠥᠯᠢᠶᠡᠨ ᠠᠪᠴᠤ ᠪᠣᠯᠬᠤ ᠥᠬᠡᠶ᠃ | ᠰᠤᠷᠭᠠᠭᠤᠯᠢ ᠡᠬᠢᠯᠡᠭᠰᠡᠨ ᠤ ᠳᠠᠷᠠᠭ᠎ᠠ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠠᠴᠠ ᠬᠡᠤᠬᠡᠳ ᠤᠨ ᠴᠡᠴᠡᠷᠯᠢᠭ ᠲᠤ ᠣᠷᠣᠬᠤ ᠲᠤᠬᠠᠶ ᠰᠢᠪᠠᠳᠠᠨ ᠪᠠᠶᠢᠴᠠᠭᠠᠯᠲᠠ ᠶᠢ ᠵᠣᠬᠢᠶᠠᠨ | ᠪᠠᠶᠢᠭᠤᠯᠵᠤ᠂ ᠪᠠᠶᠢᠴᠠᠭᠠᠨ ᠳᠣᠲᠣᠯᠠᠮᠠᠭᠴᠠ᠂ ᠬᠠᠮᠢᠶ᠎ᠠ ᠪᠥᠬᠦᠶ ᠬᠠᠷᠢᠭᠤᠴᠠᠯᠭᠠᠲᠤ ᠤᠳᠤᠷᠢᠳᠤᠯᠭ᠎ᠠ ᠪᠠ ᠬᠠᠮᠢᠶ᠎ᠠ | ᠪᠥᠬᠦᠶ ᠬᠠᠷᠢᠭᠤᠴᠠᠯᠭᠠᠲᠠᠨ ᠢ ᠴᠢᠩᠭ᠎ᠠ ᠰᠢᠶᠳᠪᠦᠷᠢᠯᠡᠨ᠎ᠡ᠃ | ᠵᠢᠷᠭᠤᠭ᠎ᠠ᠂ ᠰᠤᠷᠭᠠᠭᠤᠯᠢ ᠰᠢᠯᠵᠢᠬᠦ ᠶᠠᠪᠤᠴᠠ ᠶᠢᠨ ᠲᠣᠭᠲᠠᠭᠠᠯ | ︵ᠨᠢᠭᠡ︶ ᠲᠣᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠲᠠᠢ ᠰᠣᠷᠣᠭᠴᠢ ᠶᠢᠨ ᠰᠤᠷᠭᠠᠭᠤᠯᠢ ᠰᠢᠯᠵᠢᠬᠦ | 1. ᠣᠲᠣ ᠶᠢᠨ ᠰᠠᠭᠤᠭ᠎ᠠ ᠭᠠᠵᠠᠷ ᠲᠤ ᠬᠤᠪᠢᠷᠠᠯᠲᠠ ᠭᠠᠷᠤᠭᠰᠠᠨ ᠠᠴᠠ ᠪᠣᠯᠤᠭᠰᠠᠨ ᠰᠤᠷᠭᠠᠭᠤᠯᠢ ᠶᠢᠨ | ᠲᠣᠭᠤᠷᠢᠭ ᠤᠨ ᠬᠤᠪᠢᠷᠠᠯᠲᠠ ᠶᠢ ᠰᠣᠷᠣᠭᠴᠢ ᠥᠪᠡᠷ ᠢᠶᠠᠨ ᠪᠤᠶᠤ ᠬᠡᠷ ᠤᠨ ᠠᠬᠠᠮᠠᠳ ᠰᠤᠷᠭᠠᠭᠤᠯᠢ ᠰᠢᠯᠵᠢᠬᠦ ᠪᠠᠷ | ᠭᠤᠶᠤᠴᠢᠯᠠᠪᠠᠯ᠂ ᠳᠣᠤᠷᠠᠬᠢ ᠠᠯᠬᠤᠮ ᠳᠠᠷᠠᠭ᠎ᠠ ᠪᠠᠷ ᠭᠦᠶᠴᠡᠳᠬᠡᠨ᠎ᠡ᠃ | ︵1︶ ᠬᠡᠷ ᠤᠨ ᠠᠬᠠᠮᠠᠳ ᠪᠤᠶᠤ ᠰᠤᠷᠤᠭᠴᠢᠳ ᠠᠯᠠᠱᠠ ᠵᠡᠭᠦᠨ ᠬᠤᠰᠢᠭᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠰᠢᠯᠵᠢᠬᠦ ᠪᠦᠷᠢᠳᠬᠡᠯ ᠤᠨ ᠬᠦᠰᠦᠨᠦᠭ ︵ᠨᠢᠭᠡ ᠬᠡᠯᠪᠡᠷᠢ ᠶᠢᠨ ᠭᠤᠷᠪᠠᠨ ᠬᠤᠪᠢ︶ ᠢ | ᠲᠠᠭᠯᠠᠵᠤ᠂ ᠰᠤᠷᠭᠠᠭᠤᠯᠢ ᠰᠢᠯᠵᠢᠬᠦ ᠰᠢᠯᠲᠠᠭᠠᠨ ᠢᠶᠠᠨ ᠦᠨᠡᠨ ᠪᠣᠳᠠᠲᠠᠶ ᠪᠠᠷ ᠲᠠᠭᠯᠠᠨ ᠪᠢᠴᠢᠬᠦ ᠶᠢᠨ ᠬᠠᠮᠲᠤ ᠬᠠᠮᠢᠶ᠎ᠠ | ᠪᠥᠬᠦᠶ ᠭᠡᠷᠡᠴᠢᠯᠡᠬᠦ ᠮᠠᠲ᠋ᠧᠷᠢᠶᠠᠯ ᠢᠶᠠᠨ ᠪᠡᠯᠡᠳᠬᠡᠨ᠎ᠡ᠃ | ︵2︶ ᠰᠢᠯᠵᠢᠵᠦ ᠭᠠᠷᠬᠤ ᠰᠤᠷᠭᠠᠭᠤᠯᠢ ᠶᠢᠨ ᠵᠠᠬᠢᠷᠤᠯ ᠠᠴᠠ ᠠᠯᠠᠱᠠ ᠵᠡᠭᠦᠨ ᠬᠤᠰᠢᠭᠤᠨ ᠤ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠭᠠᠭᠤᠯᠢ ᠰᠢᠯᠵᠢᠬᠦ ᠪᠦᠷᠢᠳᠬᠡᠯ ᠤᠨ ᠬᠦᠰᠦᠨᠦᠭ ᠳᠡᠭᠡᠷ᠎ᠡ ᠭᠠᠷ ᠤᠨ ᠥᠰᠥᠭ | ᠵᠢᠷᠤᠬᠤ ᠶᠢᠨ ᠬᠠᠮᠲᠤ ᠰᠢᠯᠵᠢᠵᠦ ᠭᠠᠷᠬᠤ ᠰᠤᠷᠭᠠᠭᠤᠯᠢ ᠶᠢᠨ ᠠᠯᠪᠠᠨ ᠲᠠᠮᠠᠭ᠎ᠠ ᠶᠢ ᠳᠠᠷᠤᠨ᠎ᠠ᠃ | ︵3︶ ᠰᠤᠷᠭᠠᠭᠤᠯᠢ ᠰᠢᠯᠵᠢᠬᠦ ᠰᠢᠯᠲᠠᠭᠠᠨ ᠢᠶᠠᠷ ᠰᠤᠷᠭᠠᠭᠤᠯᠢ ᠰᠢᠯᠵᠢᠬᠦ ᠰᠢᠯᠲᠠᠭᠠᠨ ᠨᠢ ᠪᠦᠷᠢᠨ ᠭᠦᠢᠴᠡᠳ | ᠡᠰᠡᠬᠦ᠂ ᠰᠤᠷᠭᠠᠭᠤᠯᠢ ᠰᠢᠯᠵᠢᠬᠦ ᠰᠢᠯᠲᠠᠭᠠᠨ ᠢᠶᠠᠷ ᠡᠷᠳᠡᠮ ᠤᠨ ᠴᠣᠯᠠ ᠪᠠᠶᠢᠬᠤ ᠡᠰᠡᠬᠦ ᠵᠡᠷᠭᠡ ᠲᠠᠯ᠎ᠠ ᠪᠠᠷ ᠬᠢᠨᠠᠨ | ᠬᠠᠷᠭᠤᠭᠤᠯᠬᠤ ᠶᠢᠨ ᠬᠠᠮᠲᠤ ᠰᠤᠷᠭᠠᠭᠤᠯᠢ ᠰᠢᠯᠵᠢᠬᠦ ᠰᠢᠯᠲᠠᠭᠠᠨ ᠢᠶᠠᠷ ᠪᠦᠷᠢᠨ ᠭᠦᠢᠴᠡᠳ ᠪᠠᠶᠢᠬᠤ ᠪᠠ ᠡᠷᠳᠡᠮ ᠤᠨ | ᠴᠣᠯᠠ ᠴᠢᠯᠥᠭᠡ ᠲᠠᠢ ᠪᠠᠶᠢᠬᠤ ᠪᠠᠶᠢᠳᠠᠯ ᠳᠣᠣᠷ᠎ᠠ ᠰᠤᠷᠭᠠᠭᠤᠯᠢ ᠰᠢᠯᠵᠢᠬᠦ ᠵᠠᠬᠢᠷᠤᠯ ᠢᠶᠠᠷ ᠭᠠᠷ ᠤᠨ ᠦᠰᠦᠭ | ᠵᠢᠷᠤᠭᠤᠯᠬᠤ ᠶᠢᠨ ᠬᠠᠮᠲᠤ ᠰᠤᠷᠭᠠᠭᠤᠯᠢ ᠰᠢᠯᠵᠢᠬᠦ ᠠᠯᠪᠠᠨ ᠲᠠᠮᠠᠭ᠎ᠠ ᠶᠢ ᠳᠠᠷᠤᠭᠤᠯᠬᠤ ᠪᠠᠷ ᠲᠣᠭᠲᠠᠭᠠᠬᠤ ᠶᠢ ᠵᠢᠭᠠᠵᠤ | ᠪᠣᠢ᠂ ᠰᠤᠷᠭᠠᠭᠤᠯᠢ ᠰᠢᠯᠵᠢᠬᠦ ᠰᠢᠯᠲᠠᠭᠠᠨ ᠢᠶᠠᠷ ᠰᠤᠷᠭᠠᠭᠤᠯᠢ ᠰᠢᠯᠵᠢᠬᠦ ᠰᠢᠯᠲᠠᠭᠠᠨ ᠨᠢ ᠪᠦᠷᠢᠨ ᠭᠦᠢᠴᠡᠳ ᠪᠠᠶᠢᠬᠤ | ᠪᠠ ᠰᠤᠷᠭᠠᠭᠤᠯᠢ ᠶᠢᠨ ᠵᠠᠬᠢᠷᠤᠯ ᠢᠶᠠᠷ ᠭᠠᠷ ᠤᠨ ᠦᠰᠦᠭ ᠵᠢᠷᠤᠭᠤᠯᠬᠤ ᠶᠢᠨ ᠬᠠᠮᠲᠤ ᠰᠤᠷᠭᠠᠭᠤᠯᠢ ᠰᠢᠯᠵᠢᠬᠦ ᠠᠯᠪᠠᠨ | ᠲᠠᠮᠠᠭ᠎ᠠ ᠳᠠᠷᠤᠭᠤᠯᠬᠤ ᠬᠡᠷᠡᠭᠲᠡᠶ᠃ | ︵4︶ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ | ᠰᠤᠷᠭᠠᠭᠤᠯᠢ ᠰᠢᠯᠵᠢᠬᠦ ᠳᠠᠬᠢᠨ ᠬᠢᠨᠠᠯᠲᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠰᠤᠷᠭᠠᠭᠤᠯᠢ ᠰᠢᠯᠵᠢᠬᠦ ᠭᠠᠷ | ᠭᠦᠢᠴᠡᠳᠬᠡᠯ ᠢ ᠭᠦᠢᠴᠡᠳᠬᠡᠨ᠎ᠡ᠃ | 2. ᠰᠢᠯᠵᠢᠨ ᠤᠷᠤᠭᠰᠠᠨ ᠰᠤᠷᠭᠠᠭᠤᠯᠢ ᠨᠢ ᠰᠣᠷᠣᠭᠴᠢ ᠶᠢᠨ ᠰᠤᠷᠭᠠᠭᠤᠯᠢ ᠰᠢᠯᠵᠢᠬᠦ ᠶᠢ ᠭᠥᠯᠢᠶᠡᠨ | ᠠᠪᠬᠤ ᠳᠠᠭᠠᠨ ᠠᠩᠭᠢ ᠶᠢᠨ ᠬᠥᠮᠦᠨ ᠤ ᠲᠤᠭ᠎ᠠ ᠶᠢ ᠴᠢᠩᠭ᠎ᠠ ᠬᠢᠵᠠᠭᠠᠷᠯᠠᠵᠤ᠂ ᠠᠯᠠᠱᠠ ᠵᠡᠭᠦᠨ ᠬᠤᠰᠢᠭᠤᠨ ᠤ | ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠪᠠᠷ ᠬᠢᠨᠠᠨ ᠬᠠᠷᠭᠤᠭᠤᠯᠤᠭᠤᠯᠤᠭᠰᠠᠨ ᠥᠬᠡᠶ ᠪᠠᠷ | ᠰᠢᠯᠵᠢᠨ ᠤᠷᠤᠭᠰᠠᠨ ᠰᠣᠷᠣᠭᠴᠢ ᠶᠢ ᠳᠤᠷ᠎ᠠ ᠪᠠᠷ ᠢᠶᠠᠨ ᠭᠥᠯᠢᠶᠡᠨ ᠠᠪᠴᠤ ᠪᠣᠯᠬᠤ ᠥᠬᠡᠶ᠂ ᠰᠣᠷᠣᠭᠴᠢ ᠶᠢᠨ | ᠰᠤᠷᠭᠠᠭᠤᠯᠢ ᠰᠢᠯᠵᠢᠭᠰᠡᠨ ᠤ ᠳᠠᠷᠠᠭ᠎ᠠ ᠰᠤᠷᠭᠠᠭᠤᠯᠢ ᠶᠢᠨ ᠬᠠᠷᠢᠶ᠎ᠠ ᠶᠢ ᠮᠥᠨ ᠤᠤᠯ ᠤᠨ ᠰᠤᠷᠭᠠᠭᠤᠯᠢ ᠳᠤ | ᠦᠯᠡᠳᠡᠭᠡᠵᠦ᠂ ᠬᠥᠮᠦᠨ ᠤ ᠬᠠᠷᠢᠶ᠎ᠠ ᠶᠢ ᠰᠠᠯᠭᠠᠬᠤ ᠪᠠ ᠶᠡᠭᠡ ᠠᠩᠭᠢ ᠶᠢᠨ ᠲᠤᠭ᠎ᠠ᠂ ᠬᠡᠲᠦ ᠶᠡᠭᠡ ᠠᠩᠭᠢ ᠶᠢᠨ ᠲᠤᠭ᠎ᠠ | ᠭᠠᠷᠬᠤ ᠦᠵᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ | ︵ᠬᠤᠶᠠᠷ︶ ᠭᠠᠳᠠᠨ᠎ᠠ ᠣᠷᠣᠨ ᠤ ᠡᠷᠦᠬᠡ ᠠᠮᠠ ᠶᠢᠨ ᠲᠠᠩᠰᠠ ᠲᠠᠢ ᠰᠣᠷᠣᠭᠴᠢ ᠶᠢᠨ ᠰᠤᠷᠭᠠᠭᠤᠯᠢ ᠰᠢᠯᠵᠢᠬᠦ | 1. ᠭᠠᠳᠠᠨ᠎ᠠ ᠣᠷᠣᠨ ᠤ ᠡᠷᠦᠬᠡ ᠠᠮᠠ ᠶᠢᠨ ᠲᠠᠩᠰᠠ ᠰᠢᠯᠵᠢᠭᠰᠡᠨ ᠰᠣᠷᠣᠭᠴᠢ ᠰᠤᠷᠭᠠᠭᠤᠯᠢ ᠶᠢᠨ | ᠬᠠᠷᠢᠶ᠎ᠠ ᠶᠢᠨ ᠦᠨᠳᠦᠰᠦᠨ ᠮᠡᠳᠡᠭᠡ ᠵᠠᠩᠭᠢ ᠶᠢᠨ ᠬᠦᠰᠦᠨᠦᠭᠲᠦ᠂ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ | ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠢᠶᠠᠨ ᠠᠪᠴᠤ ᠰᠢᠭᠤᠳ ᠠᠯᠠᠱᠠ ᠵᠡᠭᠦᠨ | ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠳᠤ ᠣᠴᠢᠵᠤ ᠰᠤᠷᠭᠠᠭᠤᠯᠢ ᠰᠢᠯᠵᠢᠬᠦ | ᠭᠠᠷᠳᠠᠮ ᠭᠦᠶᠴᠡᠳᠬᠡᠨ᠎ᠡ᠂ ᠬᠢᠨᠠᠨ ᠬᠠᠷᠭᠤᠭᠤᠯᠤᠭᠠᠳ ᠠᠯᠳᠠᠭ᠎ᠠ ᠥᠬᠡᠶ ᠮᠥᠷᠲᠡᠭᠡᠨ ᠦᠯᠡᠳᠡᠭᠰᠡᠨ ᠡᠷᠳᠡᠮ ᠤᠨ | ᠴᠣᠯᠠ ᠲᠠᠢ ᠪᠠᠶᠢᠪᠠᠯ ᠣᠶᠢᠷ᠎ᠠ ᠬᠠᠪᠢ ᠶᠢᠨ ᠰᠤᠷᠭᠠᠭᠤᠯᠢ ᠳᠤ ᠲᠣᠬᠢᠷᠠᠭᠤᠯᠵᠤ ᠰᠤᠷᠤᠯᠴᠠᠭᠤᠯᠤᠨ᠎ᠠ᠂ ᠬᠡᠷᠪᠡ | ᠰᠤᠷᠭᠠᠭᠤᠯᠢ ᠶᠢᠨ ᠲᠣᠭᠤᠷᠢᠭ ᠲᠤ ᠲᠣᠰ ᠣᠨ ᠳᠤ ᠡᠷᠳᠡᠮ ᠤᠨ ᠴᠣᠯᠠ ᠥᠬᠡᠶ ᠪᠣᠯ᠂ ᠬᠠᠷᠢᠴᠠᠩᠭᠤᠶ ᠪᠠᠷ ᠣᠶᠢᠷ᠎ᠠ | ᠬᠠᠪᠢ ᠶᠢᠨ ᠡᠷᠳᠡᠮ ᠤᠨ ᠴᠣᠯᠠ ᠲᠠᠢ ᠰᠤᠷᠭᠠᠭᠤᠯᠢ ᠳᠤ ᠬᠤᠪᠢᠶᠠᠵᠤ ᠰᠤᠷᠤᠯᠴᠠᠭᠤᠯᠤᠨ᠎ᠠ᠃ | 2. ᠭᠠᠳᠠᠨ᠎ᠠ ᠣᠷᠣᠨ ᠤ ᠡᠷᠦᠬᠡ ᠠᠮᠠ ᠶᠢᠨ ᠲᠠᠩᠰᠠ ᠰᠢᠯᠵᠢᠭᠰᠡᠨ ᠰᠣᠷᠣᠭᠴᠢ ᠠᠯᠠᠱᠠ ᠵᠡᠭᠦᠨ | ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠠᠷᠭᠠᠭᠰᠠᠨ ᠠᠯᠠᠱᠠ ᠵᠡᠭᠦᠨ | ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨ᠎ᠡ ᠰᠣᠷᠣᠭᠴᠢ ᠶᠢᠨ ᠬᠤᠪᠢᠶᠠᠷᠢᠯᠠᠯᠲᠠ ᠶᠢᠨ ᠬᠠᠭᠤᠳᠠᠰᠤ ᠶᠢ | ᠠᠪᠴᠤ ᠬᠤᠪᠢᠶᠠᠷᠢᠯᠠᠭᠰᠠᠨ ᠰᠤᠷᠭᠠᠭᠤᠯᠢ ᠳᠠᠭᠠᠨ ᠨᠡᠷ᠎ᠡ ᠮᠡᠳᠡᠭᠦᠯᠵᠦ ᠰᠤᠷᠭᠠᠭᠤᠯᠢ ᠳᠤ ᠣᠷᠣᠭᠤᠯᠤᠨ᠎ᠠ᠃ ᠠᠯᠠᠱᠠ | ᠵᠡᠭᠦᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ | ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠠᠷᠭᠠᠭᠰᠠᠨ ᠠᠯᠠᠱᠠ ᠵᠡᠭᠦᠨ ᠬᠤᠰᠢᠭᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠢᠨ᠎ᠡ ᠰᠣᠷᠣᠭᠴᠢ ᠶᠢᠨ ᠬᠤᠪᠢᠶᠠᠷᠢᠯᠠᠯᠲᠠ ᠶᠢᠨ ᠬᠠᠭᠤᠳᠠᠰᠤ ᠶᠢ ᠣᠯᠤᠭᠰᠠᠨ ᠥᠬᠡᠶ ᠪᠠᠶᠢᠳᠠᠯ | ᠳᠣᠤᠷ᠎ᠠ᠂ ᠭᠠᠳᠠᠨ᠎ᠠ ᠣᠷᠣᠨ ᠤ ᠡᠷᠦᠬᠡ ᠠᠮᠠ ᠶᠢᠨ ᠲᠠᠩᠰᠠ ᠪᠠᠷ ᠰᠢᠯᠵᠢᠭᠰᠡᠨ ᠰᠣᠷᠣᠭᠴᠢ ᠶᠢ ᠳᠤᠷ᠎ᠠ ᠪᠠᠷ ᠢᠶᠠᠨ | ᠭᠥᠯᠢᠶᠡᠨ ᠠᠪᠴᠤ ᠪᠣᠯᠬᠤ ᠥᠬᠡᠶ᠂ ᠰᠣᠷᠣᠭᠴᠢ ᠶᠢ ᠰᠤᠷᠭᠠᠭᠤᠯᠢ ᠰᠢᠯᠵᠢᠭᠰᠡᠨ ᠤ ᠳᠠᠷᠠᠭ᠎ᠠ ᠰᠤᠷᠭᠠᠭᠤᠯᠢ ᠶᠢᠨ | ᠬᠠᠷᠢᠶ᠎ᠠ ᠶᠢ ᠤᠤᠯ ᠤᠨ ᠰᠤᠷᠭᠠᠭᠤᠯᠢ ᠳᠤ ᠦᠯᠡᠳᠡᠭᠡᠵᠦ᠂ ᠬᠥᠮᠦᠨ ᠤ ᠬᠠᠷᠢᠶ᠎ᠠ ᠶᠢ ᠰᠠᠯᠭᠠᠬᠤ ᠪᠠ ᠶᠡᠭᠡ ᠠᠩᠭᠢ ᠶᠢᠨ | ᠲᠤᠭ᠎ᠠ᠂ ᠬᠡᠲᠦ ᠶᠡᠭᠡ ᠠᠩᠭᠢ ᠶᠢᠨ ᠲᠤᠭ᠎ᠠ ᠭᠠᠷᠬᠤ ᠦᠵᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠯᠠᠱᠠ ᠵᠡᠭᠦᠨ | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ | ᠬᠡᠤᠬᠡᠳ ᠤᠨ ᠴᠡᠴᠡᠷᠯᠢᠭ ᠤᠳ ᠵᠣᠬᠢᠬᠤ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ | ᠰᠣᠷᠣᠭᠴᠢ ᠡᠯᠰᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠣᠳᠠᠲᠠᠶ ᠬᠠᠷᠢᠭᠤᠴᠠᠭᠤᠯᠬᠤ ᠬᠡᠷᠡᠭᠲᠡᠶ᠃ | ᠳᠡᠭᠡᠳᠦ ᠱᠠᠲᠤᠨ ᠤ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠬᠢᠨᠠᠮᠠᠭᠠᠶ ᠰᠤᠷᠤᠯᠴᠠᠵᠤ᠂ | ᠣᠨᠣᠪᠴᠢᠲᠠᠶ ᠡᠵᠡᠮᠳᠡᠨ᠂ ᠴᠢᠩᠭ᠎ᠠ ᠬᠡᠷᠡᠭᠵᠢᠭᠦᠯᠵᠦ᠂ ᠰᠣᠷᠣᠭᠴᠢ ᠡᠯᠰᠡᠬᠦ ᠲᠥᠰᠦᠯ ᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠠᠯᠬᠤᠮ ᠢᠶᠠᠨ ᠨᠢᠭᠡᠳᠬᠡᠨ᠂ ᠰᠣᠷᠣᠭᠴᠢ ᠡᠯᠰᠡᠬᠦ ᠬᠤᠯᠪᠣᠭᠳᠠᠯ ᠪᠥᠬᠦᠶ ᠵᠥᠷᠢᠴᠡᠯ ᠪᠠ | ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠲᠣᠬᠢᠲᠠᠶ | ᠰᠢᠶᠳᠪᠦᠷᠢᠯᠡᠵᠦ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ | ᠠᠵᠢᠯ ᠢ ᠵᠢᠷᠤᠮᠵᠢᠭᠤᠨ᠂ ᠲᠣᠭᠲᠠᠭᠤᠨ᠂ ᠡᠮᠬᠢ ᠵᠢᠷᠤᠮ ᠲᠠᠢ ᠪᠠᠷ ᠰᠠᠶᠢᠲᠤᠷ ᠬᠢᠬᠦ ᠬᠡᠷᠡᠭᠲᠡᠶ᠃ | ︵ᠬᠤᠶᠠᠷ︶ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠠᠯᠠᠱᠠ ᠵᠡᠭᠦᠨ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠵᠢᠴᠢ | ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠲᠠᠩᠰᠠ ᠶᠢ ᠪᠠᠶᠢᠴᠠᠭᠠᠨ ᠰᠢᠯᠭᠠᠬᠤ | ᠠᠵᠢᠯ ᠢ ᠬᠠᠷᠢᠭᠤᠴᠠᠨ᠎ᠠ᠃ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠤᠨ ᠬᠠᠤᠯᠢ ᠪᠠᠷ ᠲᠣᠭᠲᠠᠭᠠᠭᠰᠠᠨ ᠬᠢᠨᠠᠨ | ᠬᠠᠮᠠᠭᠠᠯᠠᠭᠴᠢ ᠶᠢᠨ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ︶ ᠢ ᠪᠠᠶᠢᠴᠠᠭᠠᠨ ᠰᠢᠯᠭᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠰᠣᠷᠣᠭᠴᠢ ᠡᠯᠰᠡᠬᠦ ᠲᠠᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠶ᠃ ᠠᠯᠠᠱᠠ ᠵᠡᠭᠦᠨ | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠪᠠᠭ᠎ᠠ ᠰᠤᠷᠭᠠᠭᠤᠯᠢ ᠪᠠ ᠠᠩᠬ᠎ᠠ | ᠳᠤᠮᠳᠠᠳᠤ ᠶᠢᠨ ᠰᠣᠷᠣᠭᠴᠢ ᠡᠯᠰᠡᠬᠦ ᠨᠡᠷᠡᠰ ᠤᠨ ᠳᠡᠪᠲᠡᠷ ᠢ ᠬᠢᠨᠠᠨ ᠵᠥᠪᠰᠢᠶᠡᠷᠡᠬᠦ ᠪᠠ ᠬᠠᠷᠢᠶ᠎ᠠ ᠪᠠᠶᠢᠭᠤᠯᠬᠤ ᠠᠵᠢᠯ ᠢ | ᠬᠠᠷᠢᠭᠤᠴᠠᠨ ᠭᠦᠶᠴᠡᠳᠬᠡᠵᠦ᠂ ᠶᠠᠮᠠᠷᠪᠠ ᠰᠤᠷᠭᠠᠭᠤᠯᠢ ᠭᠡᠳ ᠲᠥᠯᠥᠪᠯᠡᠭᠡ ᠥᠬᠡᠶ ᠪᠠᠷ ᠪᠤᠶᠤ ᠲᠥᠯᠥᠪᠯᠡᠭᠡ ᠠᠴᠠ | ᠳᠠᠪᠠᠭᠤᠯᠤᠨ ᠲᠣᠭᠲᠠᠭᠠᠯ ᠠᠴᠠ ᠵᠥᠷᠢᠴᠡᠨ ᠰᠣᠷᠣᠭᠴᠢ ᠡᠯᠰᠡᠵᠦ ᠪᠣᠯᠬᠤ ᠥᠬᠡᠶ᠂ ᠪᠠᠭ᠎ᠠ ᠠᠩᠭᠢ ᠶᠢᠨ ᠨᠡᠷ᠎ᠡ ᠪᠠᠷ | ᠳᠤᠷ᠎ᠠ ᠪᠠᠷ ᠢᠶᠠᠨ ᠠᠩᠭᠢ ᠪᠠᠨ ᠰᠠᠯᠭᠠᠵᠤ ᠠᠩᠭᠢ ᠨᠡᠮᠡᠵᠦ ᠪᠣᠯᠬᠤ ᠥᠬᠡᠶ᠃ | ︵ᠳᠥᠷᠪᠡ︶ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠎ᠠ᠃ ᠠᠯᠠᠱᠠ ᠵᠡᠭᠦᠨ ᠬᠤᠰᠢᠭᠤᠨ ᠤ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠳᠡᠭᠡᠳᠦ ᠱᠠᠲᠤᠨ ᠤ ᠲᠣᠭᠲᠠᠭᠠᠯ ᠶᠣᠰᠣᠭᠠᠷ᠂ ᠰᠣᠷᠣᠭᠴᠢ | ᠡᠯᠰᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠣᠷᠣᠭᠴᠢ ᠡᠯᠰᠡᠬᠦ | ᠠᠷᠭ᠎ᠠ᠂ ᠰᠣᠷᠣᠭᠴᠢ ᠡᠯᠰᠡᠬᠦ ᠯᠠᠪᠯᠠᠭ᠎ᠠ᠂ ᠢᠯᠡᠴᠢᠯᠡᠨ ᠮᠡᠳᠡᠭᠦᠯᠬᠦ ᠤᠲᠠᠰᠤ ︵0483-8222009︶ ᠪᠠᠨ ᠢᠯᠡ | ᠪᠣᠯᠭᠠᠵᠤ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠡᠭᠦᠨ ᠤ ᠬᠠᠮᠲᠤ ᠬᠠᠷᠢᠶ᠎ᠠ | ᠣᠷᠣᠨ ᠤ ᠪᠠᠨ ᠳᠣᠲᠣᠷᠠᠬᠢ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠤᠭᠴᠢ | ᠡᠯᠰᠡᠬᠦ ᠠᠵᠢᠯ ᠳᠤ ᠬᠢᠨᠠᠯᠲᠠ ᠬᠠᠮᠢᠶᠠᠷᠤᠯᠲᠠ ᠶᠠᠪᠤᠭᠤᠯᠵᠤ᠂ ᠵᠥᠷᠢᠴᠡᠪᠡᠯ ᠵᠠᠪᠠᠯ ᠪᠠᠶᠢᠴᠠᠭᠠᠵᠤ᠂ ᠬᠠᠷᠢᠭᠤᠴᠠᠯᠭ᠎ᠠ | ᠪᠠᠶᠢᠪᠠᠯ ᠵᠠᠪᠠᠯ ᠨᠡᠬᠡᠮᠵᠢᠯᠡᠬᠦ ᠬᠡᠷᠡᠭᠲᠡᠶ᠃ ᠬᠡᠷ ᠤᠨ ᠠᠬᠠᠮᠠᠳ ᠰᠣᠷᠣᠭᠴᠢ ᠶᠢᠨ ᠰᠤᠷᠭᠠᠭᠤᠯᠢ ᠰᠣᠩᠭᠤᠬᠤ ᠳᠤ ᠬᠤᠳᠠᠯ | ᠬᠠᠭᠤᠷᠮᠠᠭ ᠡᠷᠦᠬᠡ ᠠᠮᠠ ᠶᠢᠨ ᠲᠠᠩᠰᠠ ᠪᠠ ᠬᠡᠷ ᠪᠠᠶᠢᠰᠢᠩ ᠤᠨ ᠮᠡᠳᠡᠭᠡ ᠵᠠᠩᠭᠢ ᠬᠠᠩᠭᠠᠭᠰᠠᠨ ᠠᠴᠠ ᠪᠣᠯᠵᠣ᠂ | ᠪᠠᠶᠢᠴᠠᠭᠠᠭᠠᠳ ᠦᠨᠡᠨ ᠪᠣᠳᠠᠲᠠᠶ ᠪᠣᠯᠤᠭᠰᠠᠨ ᠪᠠᠶᠢᠪᠠᠯ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ | ᠪᠡᠶ᠎ᠡ ᠶᠢᠨ ᠲᠠᠮᠢᠷ ᠤᠨ ᠪᠠᠶᠢᠳᠠᠯ ᠠᠴᠠ ᠨᠡᠶᠢᠭᠡᠮ ᠳᠤ ᠵᠠᠷᠯᠠᠨ ᠮᠡᠳᠡᠭᠳᠡᠬᠦ ᠶᠢᠨ ᠬᠠᠮᠲᠤ ᠲᠣᠭᠲᠠᠭᠠᠯ ᠠᠴᠠ ᠵᠥᠷᠢᠴᠡᠭᠰᠡᠨ | ᠪᠠᠶᠢᠳᠠᠯ ᠢᠶᠠᠨ ᠬᠡᠷ ᠤᠨ ᠠᠬᠠᠮᠠᠳ ᠤᠨ ᠪᠠᠶᠢᠭ᠎ᠠ ᠨᠢᠭᠡᠴᠡ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠠᠷᠢᠭᠤ | ᠲᠤᠰᠬᠠᠵᠤ᠂ ᠬᠡᠷ ᠤᠨ ᠠᠬᠠᠮᠠᠳ ᠡᠭᠦᠨ ᠠᠴᠠ ᠪᠣᠯᠤᠭᠰᠠᠨ ᠠᠯᠢᠪᠠ ᠦᠷ᠎ᠡ ᠳ᠋ᠦᠩ ᠢ ᠡᠭᠦᠷᠭᠡᠯᠡᠬᠦ ᠬᠡᠷᠡᠭᠲᠡᠶ᠃ | ︵ᠲᠠᠪᠤ︶ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠵᠦ ᠢᠯᠡ ᠪᠣᠯᠭᠠᠨ᠎ᠠ᠃ ᠡᠯ᠎ᠡ ᠰᠤᠷᠭᠠᠭᠤᠯᠢ ᠨᠤᠭᠤᠳ | ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠨᠡᠶᠢᠭᠡᠮ ᠨᠡᠶᠢᠲᠡ ᠳᠤ ᠰᠤᠷᠭᠠᠭᠤᠯᠢ ᠡᠷᠭᠢᠯᠡᠬᠦ ᠰᠢᠨᠵᠢ ᠴᠢᠨᠠᠷ᠂ | ᠰᠤᠷᠭᠠᠭᠤᠯᠢ ᠡᠷᠭᠢᠯᠡᠬᠦ ᠬᠡᠪᠴᠢᠶ᠎ᠡ᠂ ᠰᠣᠷᠣᠭᠴᠢ ᠡᠯᠰᠡᠬᠦ ᠲᠥᠯᠥᠪᠯᠡᠭᠡ ᠵᠢᠴᠢ ᠰᠤᠷᠭᠠᠭᠤᠯᠢ ᠶᠢᠨ ᠲᠣᠭᠤᠷᠢᠭ ᠤᠨ | ᠬᠦᠷᠢᠶ᠎ᠡ ᠬᠡᠪᠴᠢᠶ᠎ᠡ ᠪᠠᠨ ᠨᠡᠶᠢᠲᠡᠯᠡᠬᠦ ᠬᠡᠷᠡᠭᠲᠡᠶ᠃ ᠢᠯᠡᠷᠬᠡᠶ ᠭᠠᠵᠠᠷ ᠲᠤ ᠰᠣᠷᠣᠭᠴᠢ ᠡᠯᠰᠡᠬᠦ ᠲᠥᠷᠥ ᠶᠢᠨ | ᠪᠣᠳᠣᠯᠭ᠎ᠠ ᠶᠢᠨ ᠮᠡᠳᠡᠭᠡ ᠵᠠᠩᠭᠢ᠂ ᠰᠤᠷᠭᠠᠭᠤᠯᠢ ᠳᠤ ᠣᠷᠣᠬᠤ ᠵᠦᠶᠯᠡᠰ ᠤᠨ ᠠᠯᠪᠠᠨ ᠵᠠᠷ ᠢ ᠨᠠᠭᠠᠵᠤ᠂ ᠨᠡᠶᠢᠭᠡᠮ ᠤᠨ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ | ︵ᠵᠢᠷᠭᠤᠭ᠎ᠠ︶ ᠵᠡᠮᠳᠡᠭ ᠬᠡᠤᠬᠡᠳ ᠤᠨ ᠰᠤᠷᠭᠠᠭᠤᠯᠢ ᠳᠤ ᠣᠷᠣᠬᠤ ᠤᠬᠠᠭᠤᠯᠭ᠎ᠠ ᠶᠢ ᠰᠠᠶᠢᠲᠤᠷ ᠬᠢᠬᠦ | ᠬᠡᠷᠡᠭᠲᠡᠶ᠃ ᠡᠯ᠎ᠡ ᠰᠤᠷᠭᠠᠭᠤᠯᠢ ᠨᠤᠭᠤᠳ ᠵᠡᠮᠳᠡᠭ ᠬᠡᠤᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠶᠢ | ᠤᠬᠠᠭᠤᠯᠬᠤ᠂ ᠪᠠᠶᠢᠴᠠᠭᠠᠬᠤ ᠪᠠ ᠳᠠᠶᠢᠴᠢᠯᠠᠬᠤ ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ᠃ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠦᠨᠡᠨᠬᠦ ᠬᠦᠴᠦᠨ ᠲᠡᠭᠦᠯᠳᠡᠷ ᠠᠷᠭ᠎ᠠ ᠬᠡᠮᠵᠢᠶ᠎ᠡ ᠠᠪᠴᠤ ᠪᠠᠶᠢᠭᠠᠳ | ᠬᠠᠷᠠᠭᠠᠨ ᠤ ᠰᠠᠭᠠᠳ᠂ ᠰᠣᠨᠣᠷ ᠤᠨ ᠰᠠᠭᠠᠳ ᠪᠠ ᠣᠶᠤᠨ ᠤ ᠰᠠᠭᠠᠳ ᠵᠡᠷᠭᠡ ᠵᠡᠮᠳᠡᠭ ᠬᠡᠤᠬᠡᠳ ᠪᠠᠭᠠᠴᠤᠳ ᠤᠨ | ᠰᠣᠷᠣᠭᠴᠢ ᠡᠯᠰᠡᠬᠦ ᠠᠵᠢᠯ ᠪᠤᠶᠤ ᠲᠠᠨᠢᠯᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠳᠣᠯᠤᠭ᠎ᠠ︶ ᠰᠤᠷᠭᠠᠭᠤᠯᠢ ᠶᠢᠨ ᠬᠠᠷᠢᠶ᠎ᠠ ᠶᠢᠨ ᠮᠡᠳᠡᠭᠡ ᠵᠠᠩᠭᠢ ᠶᠢ ᠴᠢᠩᠭ᠎ᠠ ᠪᠠᠶᠢᠭᠤᠯᠬᠤ ᠬᠡᠷᠡᠭᠲᠡᠶ᠃ | ᠰᠢᠨ᠎ᠡ ᠰᠤᠷᠤᠭᠴᠢ ᠰᠤᠷᠭᠠᠭᠤᠯᠢ ᠳᠤ ᠤᠷᠤᠭᠰᠠᠨ ᠤ ᠳᠠᠷᠠᠭ᠎ᠠ᠂ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠪᠥᠬᠦ | ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠱᠠᠭᠠᠷᠳᠠᠯᠭ᠎ᠠ ᠶᠣᠰᠣᠭᠠᠷ᠂ ᠰᠢᠨ᠎ᠡ ᠰᠣᠷᠣᠭᠴᠢ ᠶᠢᠨ ᠮᠡᠳᠡᠭᠡ | ᠵᠠᠩᠭᠢ ᠶᠢ ᠴᠠᠭ ᠲᠤᠬᠠᠶ ᠳᠤᠨᠢ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢᠨ ᠰᠢᠰᠲ᠋ᠧᠮ ᠳᠤ | ᠣᠷᠣᠭᠤᠯᠬᠤ ᠶᠢᠨ ᠬᠠᠮᠲᠤ ᠳᠡᠭᠡᠭᠰᠢ ᠳᠠᠮᠵᠢᠭᠤᠯᠬᠤ ᠶᠢᠨ ᠬᠠᠮᠲᠤ ᠡᠷᠦᠬᠡ ᠠᠮᠠ ᠶᠢᠨ ᠬᠠᠷᠢᠶ᠎ᠠ ᠶᠢ ᠬᠠᠷᠭᠤᠭᠤᠯᠤᠨ | ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠤᠷᠪᠠᠨ ᠲᠥᠷᠥᠯ ᠤᠨ ᠵᠡᠮᠳᠡᠭ ᠬᠡᠤᠬᠡᠳ ᠪᠠᠭᠠᠴᠤᠳ᠂ ᠬᠡᠷ ᠲᠡᠭᠡᠨ | ᠬᠤᠴᠣᠷᠤᠭᠰᠠᠨ ᠬᠡᠤᠬᠡᠳ ᠪᠠ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠦᠷ᠎ᠡ | ᠬᠡᠤᠬᠡᠳ ᠤᠨ ᠰᠤᠷᠭᠠᠭᠤᠯᠢ ᠳᠤ ᠣᠷᠣᠬᠤ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠡᠮᠬᠢᠯᠡᠵᠦ᠂ ᠰᠤᠷᠭᠠᠭᠤᠯᠢ ᠶᠢᠨ | ᠬᠠᠷᠢᠶ᠎ᠠ ᠶᠢ ᠬᠢᠨᠠᠨ ᠪᠠᠶᠢᠴᠠᠭᠠᠬᠤ ᠦᠶ᠎ᠡ ᠳᠤ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠪᠠᠭ᠎ᠠ ᠰᠤᠷᠭᠠᠭᠤᠯᠢ ᠪᠠ ᠠᠩᠬ᠎ᠠ ᠳᠤᠮᠳᠠᠳᠤ ᠶᠢᠨ | ᠰᠤᠷᠭᠠᠭᠤᠯᠢ ᠶᠢᠨ ᠬᠠᠷᠢᠶ᠎ᠠ ᠶᠢ 2023 ᠣᠨ ᠤ 9 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 15 ᠤ ᠡᠳᠦᠷ | ᠪᠣᠯᠲᠠᠯ᠎ᠠ ᠬᠢᠨᠠᠨ ᠲᠣᠭᠲᠠᠭᠠᠪᠠ᠃ | | | | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ | 2023 ᠣᠨ ᠤ ᠠᠯᠠᠱᠠ ᠵᠡᠭᠦᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠲᠥᠰᠦᠯ ᠤᠨ ᠲᠤᠬᠠᠢ ᠲᠠᠶᠢᠯᠤᠮᠵᠢ | | |