ᠭᠤᠤ ᠪᠥᠸᠧ
ᠨᠡᠶᠢᠲᠡᠯᠡᠭᠰᠡᠨ ᠴᠠᠭ᠄
2024/1/24
      ᠲᠣᠪᠴᠢ ᠨᠠᠮᠲᠠᠷ       ᠭᠤᠤ ᠪᠥᠸᠧ᠂ ᠡᠷᠡᠭᠲᠡᠢ᠂ ᠬᠢᠲᠠᠳ ᠦᠨᠳᠦᠰᠦᠲᠡᠨ᠂ 1972 ᠣᠨ ᠤ 6 ᠳ᠋ᠤᠭᠠᠷ ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃       ᠠᠵᠢᠯ ᠤᠨ ᠬᠤᠪᠢᠶᠠᠷᠢᠯᠠᠯ       ᠬᠤᠰᠢᠭᠤᠨ ᠳᠠᠷᠤᠭ᠎ᠠ ᠶᠢ ᠬᠠᠪᠰᠤᠷᠤᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠲᠠᠢ ᠬᠠᠷᠢᠯᠴᠠᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号