ᠠᠯᠠᠱᠠ ᠳᠤ ᠶᠣᠰᠣ ᠰᠤᠷᠲᠠᠬᠤᠨ ᠤ ᠵᠢᠱᠢᠶᠡᠴᠢ ᠪᠣᠯᠪᠠᠯ ᠴᠣᠬᠤᠮ ᠶᠠᠮᠠᠷᠰᠢᠤ ᠬᠠᠯᠠᠮᠵᠢᠯᠠᠯ ᠬᠦᠨᠳᠦᠳᠬᠡᠯ ᠢ ᠣᠯᠵᠤ ᠬᠦᠷᠲᠡᠬᠦ ᠪᠤᠢ︖
ᠨᠡᠶᠢᠲᠡᠯᠡᠭᠰᠡᠨ ᠴᠠᠭ᠄
2024/1/25
   ᠠᠷᠠᠳ ᠢᠷᠭᠡᠳ ᠤᠨ ᠶᠣᠰᠣ ᠰᠤᠷᠲᠠᠬᠤᠨ ᠤ ᠬᠢᠷᠢ ᠬᠡᠮᠵᠢᠶ᠎ᠡ ᠨᠢ ᠨᠢᠭᠡ ᠦᠨᠳᠦᠰᠦᠲᠡᠨ ᠤ ᠦᠨᠳᠦᠰᠦᠨ ᠬᠡᠪ ᠴᠢᠨᠠᠷ ᠢ ᠢᠯᠡᠷᠡᠭᠦᠯᠵᠦ ᠪᠠᠶᠢᠬᠤ ᠪᠠᠷ ᠪᠠᠷᠠᠬᠤ ᠦᠭᠡᠢ ᠨᠢᠭᠡ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠲᠤᠰᠬᠠᠵᠤ ᠪᠠᠶᠢᠳᠠᠭ᠃ ᠶᠣᠰᠣ ᠰᠤᠷᠲᠠᠬᠤᠨ ᠤ ᠵᠢᠱᠢᠶᠡᠴᠢ ᠨᠢ ᠴᠠᠭ ᠦᠶ᠎ᠡ ᠶᠢᠨ ᠶᠣᠰᠣ ᠰᠤᠷᠲᠠᠬᠤᠨ ᠤ ᠬᠡᠪ ᠳᠠᠭᠤᠷᠢᠶᠠᠯ ᠮᠥᠨ ᠂ ᠲᠡᠳᠡ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠥᠷᠲᠡᠭ ᠤᠨ ᠦᠵᠡᠯᠲᠡ ᠶᠢ ᠳᠠᠶᠢᠴᠢᠯᠠᠨ ᠳᠠᠭᠠᠭᠤᠯᠵᠤ ᠪᠠᠶᠢᠳᠠᠭ᠃       ᠪᠥᠬᠦ ᠨᠡᠶᠢᠭᠡᠮ ᠢᠶᠠᠷ ᠢᠶᠠᠨ ᠳᠡᠷᠭᠡᠳᠡᠬᠢ ᠬᠥᠮᠥᠰ ᠲᠡᠭᠡᠨ ᠰᠠᠶᠢᠨ ᠳᠠᠭᠤᠷᠢᠶᠠᠯ ᠪᠣᠯᠵᠤ᠂ ᠴᠠᠭ ᠦᠶ᠎ᠡ ᠶᠢᠨ ᠰᠢᠨ᠎ᠡ ᠬᠥᠮᠥᠨ ᠪᠣᠯᠬᠤ ᠪᠠᠷ ᠴᠢᠷᠮᠠᠶᠢᠬᠤ ᠥᠷᠲᠡᠭ ᠤᠨ ᠦᠵᠡᠯᠲᠡ ᠶᠢ ᠪᠤᠢ ᠪᠣᠯᠭᠠᠬᠤ ᠵᠣᠷᠢᠯᠲᠠ ᠠᠴᠠ ᠣᠷᠴᠢᠮᠬᠠᠨ ᠠᠶᠢᠮᠠᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ︽ᠠᠯᠠᠱᠠ ᠠᠶᠢᠮᠠᠭ ᠤᠨ ᠶᠣᠰᠣ ᠮᠣᠷᠠᠯ ᠤᠨ ᠵᠢᠱᠢᠶᠡᠴᠢ ᠳᠤ ᠦᠢᠯᠡᠴᠢᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠎ ᠶᠢ ᠳᠠᠷᠤᠮᠠᠯᠯᠠᠨ ᠲᠠᠷᠬᠠᠭᠠᠪᠠ᠃       ︽ᠠᠷᠭ᠎ᠠ︾ ᠎ ᠳᠤ ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠬᠥᠮᠥᠰ ᠤᠨ ᠦᠢᠯᠡ ᠠᠵᠢᠯᠯᠠᠭ᠎ᠠ ᠶᠢ ᠤᠬᠠᠭᠤᠯᠤᠨ ᠳᠡᠯᠭᠡᠷᠡᠭᠦᠯᠬᠦ᠂ ᠲᠡᠳᠡᠨ ᠢ ᠬᠠᠯᠠᠮᠵᠢᠯᠠᠨ ᠬᠦᠨᠳᠦᠳᠬᠡᠬᠦ ᠵᠡᠷᠭᠡ ᠠᠭᠤᠯᠭ᠎ᠠ ᠳᠤ ᠪᠣᠳᠠᠲᠠᠢ ᠱᠠᠭᠠᠷᠳᠠᠯᠭ᠎ᠠ ᠳᠤᠷᠠᠳᠴᠤ᠂ ᠵᠢᠱᠢᠶᠡᠴᠢ ᠬᠥᠮᠥᠰ ᠲᠤ ᠦᠢᠯᠡᠴᠢᠯᠡᠵᠦ ᠬᠠᠮᠢᠶᠠᠷᠤᠯᠲᠠ ᠬᠢᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠭᠤᠣᠯᠳᠠᠯᠭ᠎ᠠ ᠲᠠᠢ ᠠᠰᠠᠭᠤᠳᠠᠯ ᠢ ᠰᠢᠢᠳᠪᠦᠷᠢᠯᠡᠬᠦ ᠶᠢ ᠵᠣᠷᠢᠭᠰᠠᠨ ᠪᠠᠶᠢᠨ᠎ᠠ᠃       ︽ᠠᠷᠭ᠎ᠠ︾ ᠎ ᠶᠢᠨ ᠲᠠᠪᠤᠳᠤᠭᠠᠷ ᠪᠦᠯᠦᠭ ᠤᠨ ᠬᠠᠯᠠᠮᠵᠢᠯᠠᠯ ᠬᠦᠨᠳᠦᠳᠬᠡᠯ ᠦᠵᠡᠭᠦᠯᠬᠦ ᠲᠠᠯ᠎ᠠ ᠪᠠᠷ 3 ᠵᠦᠢᠯ ᠤᠨ 15 ᠵᠤᠷᠪᠤᠰ ᠠᠭᠤᠯᠭ᠎ᠠ ᠳᠤ ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠶᠢ ᠪᠣᠯᠭᠤᠭᠠᠨ ᠲᠣᠬᠤᠨᠢᠭᠤᠯᠬᠤ᠂ ᠬᠠᠪᠰᠤᠷᠤᠨ ᠲᠡᠳᠬᠦᠬᠦ᠂ ᠠᠵᠢᠯ ᠣᠯᠭᠤᠬᠤ᠂ ᠣᠷᠣᠨ ᠰᠠᠭᠤᠴᠠ ᠲᠣᠬᠢᠷᠠᠭᠤᠯᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠡᠪᠡᠳᠴᠢᠨ ᠦᠵᠡᠭᠦᠯᠵᠦ ᠪᠡᠶ᠎ᠡ ᠶᠢᠨ ᠪᠠᠶᠢᠴᠠᠭᠠᠯᠲᠠ ᠬᠢᠬᠦ᠂ ᠲᠡᠷᠢᠭᠦᠨ ᠤ ᠎ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ ᠳᠤ ᠤᠷᠤᠯᠴᠠᠭᠤᠯᠬᠤ᠂ ᠮᠡᠷᠭᠡᠵᠢᠯ ᠤᠨ ᠴᠣᠯᠠ ᠳᠡᠪᠰᠢᠭᠦᠯᠬᠦ᠂ ᠡᠮᠨᠡᠭᠦᠯᠵᠦ ᠠᠮᠠᠷᠠᠭᠤᠯᠬᠤ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ ᠵᠢᠴᠢ ᠬᠤᠭᠤᠯᠠ ᠤᠮᠳᠠ᠂ ᠬᠤᠨᠤᠭ ᠪᠠᠭᠤᠳᠠᠯ᠂ ᠶᠠᠪᠤᠵᠤ ᠰᠠᠭᠤᠬᠤ ᠵᠡᠷᠭᠡ ᠳᠤ ᠬᠠᠷᠠᠭᠠᠯᠵᠠᠯ ᠦᠵᠡᠭᠦᠯᠬᠦ ᠲᠣᠭᠲᠠᠭᠠᠯ ᠭᠠᠷᠭᠠᠵᠠᠢ᠃       ᠶᠣᠰᠣ ᠰᠤᠷᠲᠠᠬᠤᠨ ᠤ ᠵᠢᠱᠢᠶᠡᠴᠢ ᠪᠣᠯᠪᠠᠯ ᠴᠣᠬᠤᠮ ᠶᠠᠮᠠᠷᠰᠢᠤ ᠬᠠᠯᠠᠮᠵᠢᠯᠠᠯ ᠬᠦᠨᠳᠦᠳᠬᠡᠯ ᠢ ᠣᠯᠵᠤ ᠬᠦᠷᠲᠡᠬᠦ ᠪᠤᠢ︖       1. ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠶᠢ ᠪᠠᠶᠠᠷ ᠳᠤᠷᠠᠰᠬᠠᠯ ᠤᠨ ᠡᠳᠦᠷ ᠲᠤ ᠪᠣᠯᠭᠤᠭᠠᠨ ᠲᠣᠬᠤᠨᠢᠭᠤᠯᠬᠤ ᠭᠤᠣᠯᠳᠠᠯᠭ᠎ᠠ ᠲᠠᠢ ᠡᠲᠡᠭᠡᠳ ᠢᠶᠠᠨ ᠪᠣᠯᠭᠠᠨ᠎ᠠ᠃       2. ᠠᠮᠢᠳᠤᠷᠠᠯ ᠨᠢ ᠣᠨᠴᠠ ᠬᠦᠴᠢᠷᠳᠡᠯᠲᠡᠢ ᠪᠤᠶᠤ ᠲᠤᠰᠠᠯᠠᠮᠵᠢ ᠪᠠᠴᠢᠮ ᠬᠡᠷᠡᠭᠰᠡᠬᠦ ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠳᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ ᠡᠩ ᠲᠡᠷᠢᠭᠦᠨ ᠳᠤ ᠬᠠᠪᠰᠤᠷᠤᠨ ᠲᠡᠳᠬᠦᠨ᠎ᠡ᠃       3. ᠠᠳᠠᠯ ᠦᠢᠯᠡᠰ ᠴᠣᠭᠴᠠᠯᠠᠬᠤ ᠪᠤᠶᠤ ᠬᠠᠷᠠᠬᠠᠨ ᠠᠵᠢᠯ ᠣᠯᠣᠭᠠᠳᠤᠢ ᠠᠯᠠᠱᠠ ᠠᠶᠢᠮᠠᠭ ᠤᠨ ᠶᠣᠰᠣ ᠰᠤᠷᠲᠠᠬᠤᠨ  ᠤ ᠵᠢᠱᠢᠶᠡᠴᠢ ᠳᠤ ᠦᠨᠳᠦᠰᠦᠨ ᠱᠠᠲᠤᠨ ᠤ ᠣᠯᠠᠨ ᠨᠠᠶᠢᠳᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ ᠵᠦᠢᠯ ᠤᠨ ᠣᠯᠠᠨ ᠨᠠᠶᠢᠳᠠ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠩᠭᠠᠨ᠎ᠠ᠃       4. ᠣᠷᠣᠨ ᠰᠠᠭᠤᠴᠠ ᠶᠢᠨ ᠪᠠᠲᠤᠯᠠᠭᠠᠨ ᠤ ᠲᠥᠷᠥ ᠶᠢᠨ ᠪᠣᠳᠣᠯᠭ᠎ᠠ ᠳᠤ ᠨᠡᠶᠢᠴᠡᠬᠦ ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠶᠢᠨ ᠭᠡᠷ ᠪᠦᠯᠢ ᠳᠤ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠪᠠᠲᠤᠯᠠᠭ᠎ᠠ ᠬᠠᠩᠭᠠᠨ᠎ᠠ᠃       5. ᠠᠮᠢᠳᠤᠷᠠᠯ ᠨᠢ ᠬᠦᠴᠢᠷᠳᠡᠯᠲᠡᠢ ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠶᠢᠨ ᠦᠷ᠎ᠡ ᠬᠡᠦᠬᠡᠳ ᠰᠤᠷᠭᠠᠭᠤᠯᠢ ᠳᠤ ᠰᠠᠭᠤᠬᠤ ᠳᠤ ᠬᠠᠷᠠᠭᠠᠯᠵᠠᠯ ᠦᠵᠡᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠰᠦᠢᠳᠬᠡᠯ ᠢ ᠬᠠᠰᠤᠵᠤ ᠬᠡᠯᠲᠦᠷᠢᠭᠦᠯᠬᠦ ᠶᠢᠨ ᠬᠠᠮᠲᠤ ᠳᠠᠭᠠᠭᠠᠴᠢᠯᠠᠯᠲᠠ ᠶᠢᠨ ᠬᠠᠷᠢᠴᠠᠭ᠎ᠠ ᠪᠠᠶᠢᠭᠤᠯᠤᠨ ᠰᠤᠷᠤᠯᠭ᠎ᠠ ᠶᠢ ᠎ ᠨᠢ ᠲᠡᠳᠬᠦᠨ᠎ᠡ᠃       6. ᠬᠠᠤᠯᠢ ᠴᠠᠭᠠᠵᠠ ᠶᠢᠨ ᠲᠤᠰᠠᠯᠠᠮᠵᠢ ᠣᠯᠬᠤ ᠴᠢᠬᠤᠯᠠᠲᠠᠢ ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠳᠤ ᠡᠯ᠎ᠡ ᠱᠠᠲᠤᠨ ᠤ ᠣᠯᠠᠨ ᠨᠠᠶᠢᠳᠠ ᠶᠢᠨ ᠬᠠᠤᠯᠢ ᠴᠠᠭᠠᠵᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠠᠴᠠ ᠥᠨᠳᠥᠷ ᠦᠷ᠎ᠡ ᠪᠦᠲᠦᠮᠵᠢᠲᠡᠢ᠂ ᠲᠥᠬᠦᠮ ᠳᠥᠲᠡ᠂ ᠰᠦᠢᠳᠬᠡᠯ ᠬᠤᠷᠢᠶᠠᠬᠤ ᠦᠭᠡᠢ ᠪᠠᠷ ᠬᠠᠤᠯᠢ ᠴᠠᠭᠠᠵᠠ ᠶᠢᠨ ᠯᠠᠪᠯᠠᠭ᠎ᠠ ᠵᠢᠴᠢ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠬᠠᠩᠭᠠᠨ᠎ᠠ᠃       7. ᠠᠮᠢᠳᠤᠷᠠᠯ ᠨᠢ ᠬᠦᠴᠢᠷᠳᠡᠯᠲᠡᠢ ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠳᠤ ᠵᠢᠯ ᠪᠦᠷᠢ ᠨᠢᠭᠡ ᠤᠳᠠᠭ᠎ᠠ ᠪᠡᠶ᠎ᠡ ᠶᠢᠨ ᠪᠠᠶᠢᠴᠠᠭᠠᠯᠲᠠ ᠲᠣᠬᠢᠷᠠᠭᠤᠯᠵᠤ᠂ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ ᠢ ᠲᠤᠬᠠᠢ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠥᠪᠯᠡᠯ ᠠᠴᠠ ᠡᠭᠦᠷᠭᠡᠯᠡᠨ᠎ᠡ᠃       8. ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠶᠢᠨ ᠡᠪᠡᠳᠴᠢᠨ ᠦᠵᠡᠭᠦᠯᠵᠦ ᠡᠮᠨᠡᠭᠦᠯᠬᠦ ᠳᠤ ᠲᠥᠬᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠤᠷᠢᠳᠠᠪᠠᠷ ᠳ᠋ᠤᠭᠠᠷᠯᠠᠬᠤ ᠴᠣᠩᠬᠤ ᠭᠠᠷᠭᠠᠨ᠎ᠠ᠃       9. ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ᠂ ᠮᠡᠷᠭᠡᠵᠢᠯ ᠤᠨ ᠴᠣᠯᠠ ᠳᠡᠪᠰᠢᠭᠦᠯᠬᠦ᠂ ᠲᠤᠰᠢᠶᠠᠯ ᠤᠨ ᠲᠠᠰ ᠢ ᠳᠡᠪᠰᠢᠭᠦᠯᠬᠦ ᠵᠡᠷᠭᠡ ᠲᠠᠯ᠎ᠠ ᠪᠠᠷ ᠠᠳᠠᠯᠢ ᠨᠥᠬᠦᠴᠡᠯ ᠤᠨ ᠳᠣᠣᠷ᠎ᠠ ᠠᠯᠠᠱᠠ ᠠᠶᠢᠮᠠᠭ ᠤᠨ ᠶᠣᠰᠣ ᠰᠤᠷᠲᠠᠬᠤᠨ  ᠤ ᠵᠢᠱᠢᠶᠡᠴᠢ ᠶᠢ ᠤᠷᠢᠳᠠᠪᠠᠷ ᠪᠣᠳᠣᠯᠬᠢᠯᠠᠬᠤ ᠶᠢ ᠵᠣᠷᠢᠭᠵᠢᠭᠤᠯᠤᠨ᠎ᠠ᠃       10. ᠨᠥᠬᠦᠴᠡᠯ ᠳᠤ ᠨᠡᠶᠢᠴᠡᠬᠦ ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠶᠢ ᠵᠣᠬᠢᠶᠠᠨ ᠪᠠᠶᠢᠭᠤᠯᠵᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠳᠤ ᠣᠷᠣᠭᠤᠯᠤᠨ᠎ᠠ᠃ ᠵᠢᠯ ᠪᠦᠷᠢ ᠵᠣᠬᠢᠬᠤ ᠣᠷᠣᠨ ᠲᠤᠭ᠎ᠠ ᠪᠠᠷ ᠠᠵᠢᠯᠲᠠᠨ ᠠᠵᠢᠯᠴᠢᠨ ᠤ ᠡᠮᠨᠡᠯᠭᠡ ᠶᠢᠨ ᠰᠤᠪᠢᠯᠠᠯᠲᠠ ᠶᠢᠨ ᠠᠵᠢᠯᠯᠠᠭ᠎ᠠ ᠳᠤ ᠣᠷᠣᠯᠴᠠᠭᠤᠯᠤᠨ᠎ᠠ᠃       11. ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠲᠣᠭᠲᠠᠭᠰᠠᠨ ᠪᠠᠭᠤᠳᠠᠯ ᠳᠤ ᠬᠤᠭᠤᠯᠠᠯᠠᠬᠤ ᠡᠰᠡᠪᠡᠯ ᠬᠤᠨᠣᠭᠯᠠᠬᠤ ᠳᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃       12. ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠲᠣᠭᠲᠠᠭᠰᠠᠨ ᠺᠢᠨᠣ᠋ ᠶᠢᠨ ᠲᠢᠶᠠᠲᠷ ᠲᠤ ᠺᠢᠨᠣ᠋ ᠦᠵᠡᠬᠦ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠨ᠎ᠡ᠃       13. ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠳᠤ ︽ᠠᠯᠠᠱᠠ ᠶᠢᠨ ᠡᠳᠦᠷ ᠤᠨ ᠰᠣᠨᠢᠨ︾ ᠎ ᠢ ᠦᠨ᠎ᠡ ᠲᠥᠯᠥᠪᠦᠷᠢ ᠦᠭᠡᠢ ᠪᠠᠷ ᠵᠠᠬᠢᠶᠠᠯᠠᠵᠤ ᠥᠭᠭᠦᠨ᠎ᠡ᠃       14. ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠪᠠᠶᠠᠨᠬᠤᠲᠠ ᠶᠢᠨ ᠨᠠᠶᠢᠳᠠ ᠶᠢᠨ ᠮᠠᠰᠢᠨ ᠲᠡᠷᠭᠡᠨ ᠳᠤ ᠦᠨ᠎ᠡ ᠲᠥᠯᠥᠪᠦᠷᠢ ᠦᠭᠡᠢ ᠪᠠᠷ ᠰᠠᠭᠤᠵᠤ ᠪᠣᠯᠣᠨ᠎ᠠ᠃       15. ᠠᠯᠠᠱᠠ ᠠᠶᠢᠮᠠᠭ ᠤᠨ ᠶᠣᠰᠣ ᠰᠤᠷᠲᠠᠬᠤᠨ  ᠤ ᠵᠢᠱᠢᠶᠡᠴᠢ ᠠᠶᠢᠮᠠᠭ ᠤᠨ ᠳᠣᠲᠣᠷᠠᠬᠢ ᠡᠯ᠎ᠡ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠲᠣᠭᠤᠷᠢᠨ ᠵᠤᠭᠠᠴᠠᠬᠤ ᠳᠤ ᠠᠩᠬᠠᠨ ᠤ ᠡᠭᠦᠳᠡᠨ ᠪᠢᠯᠧᠲ ᠠᠴᠠ ᠰᠦᠢᠳᠬᠡᠯ ᠬᠤᠷᠢᠶᠠᠬᠤ ᠦᠭᠡᠢ᠃       ︽ᠠᠷᠭ᠎ᠠ︾᠎ ᠨᠢ ᠠᠯᠠᠱᠠ ᠶᠢᠨ ᠶᠣᠰᠣ ᠰᠤᠷᠲᠠᠬᠤᠨ ᠤ ᠵᠢᠱᠢᠶᠡᠴᠢ ᠳᠤ ᠬᠠᠨᠳᠤᠭᠤᠯᠤᠭᠰᠠᠨ ᠬᠠᠯᠠᠮᠵᠢᠯᠠᠯ ᠬᠦᠨᠳᠦᠳᠬᠡᠯ ᠨᠢ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠤᠯᠠᠨ ᠲᠠᠯ᠎ᠠ ᠶᠢ ᠬᠠᠮᠤᠷᠴᠤ᠂ ︽ᠰᠠᠶᠢᠨ ᠬᠥᠮᠥᠨ ᠰᠠᠶᠢᠨ ᠤ ᠢᠷᠦᠭᠡᠯ ᠲᠠᠢ︾ ᠬᠡᠮᠡᠬᠦ ᠥᠷᠲᠡᠭ ᠤᠨ ᠦᠵᠡᠯᠲᠡ ᠶᠢ ᠪᠥᠬᠦ ᠨᠡᠶᠢᠭᠡᠮ ᠳᠤ ᠲᠠᠷᠬᠠᠭᠠᠵᠤ᠂ ᠪᠥᠬᠦ ᠨᠡᠶᠢᠭᠡᠮ ᠢᠶᠠᠷ ᠢᠶᠠᠨ ᠳᠡᠷᠭᠡᠳᠡᠬᠢ ᠬᠥᠮᠥᠰ ᠲᠡᠭᠡᠨ ᠳᠠᠭᠤᠷᠢᠶᠠᠯ ᠪᠣᠯᠬᠤ᠂ ᠴᠠᠭ ᠦᠶ᠎ᠡ ᠶᠢᠨ ᠰᠢᠨ᠎ᠡ ᠬᠥᠮᠥᠨ ᠪᠣᠯᠬᠤ ᠪᠠᠷ ᠴᠢᠷᠮᠠᠶᠢᠬᠤ ᠥᠷᠲᠡᠭ ᠤᠨ ᠦᠵᠡᠯᠲᠡ ᠶᠢ ︽ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ︾ ᠪᠣᠯᠭᠠᠵᠤ᠂ ᠰᠠᠶᠢᠨ ᠬᠥᠮᠥᠨ ᠠᠴᠠ ᠰᠤᠷᠤᠯᠴᠠᠵᠤ᠂ ᠰᠠᠶᠢᠨ ᠬᠥᠮᠥᠨ ᠢ ᠬᠠᠯᠠᠮᠵᠢᠯᠠᠵᠤ᠂ ᠰᠠᠶᠢᠨ ᠬᠥᠮᠥᠨ ᠪᠣᠯᠬᠤ ᠪᠠᠷ ᠴᠢᠷᠮᠠᠶᠢᠬᠤ ᠠᠭᠤᠷ ᠠᠮᠢᠰᠬᠤᠯ ᠢ ᠠᠯᠠᠱᠠ ᠶᠢᠨ ᠡᠯ᠎ᠡ ᠭᠠᠵᠠᠷ ᠲᠤ ᠲᠦᠭᠡᠭᠡᠨ ᠳᠡᠯᠭᠡᠷᠡᠭᠦᠯᠦᠨ᠎ᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号