ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠠᠯᠠᠱᠠ ᠵᠡᠭᠦᠨ ᠬᠤᠰᠢᠭᠤᠨ ᠤ ᠵᠢᠭᠤᠯᠴᠢᠯᠠᠯ ᠤᠨ ᠦᠢᠯᠡᠰ ᠬᠦᠷ ᠭᠦᠭᠵᠢᠶᠡᠨ ᠢᠶᠠᠷ ᠪᠢᠯᠬᠠᠮ᠎ᠠ ᠪᠠᠶᠢᠯ᠎ᠠ
ᠨᠡᠶᠢᠲᠡᠯᠡᠭᠰᠡᠨ ᠴᠠᠭ᠄
2024/10/11
   ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠦᠪᠡᠳᠡᠭᠰᠢ ᠨᠠᠶᠢᠷ ᠨᠢ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ᠂ ᠭᠦᠨ ᠵᠤᠵᠠᠭᠠᠨ ᠲᠡᠦᠬᠡ ᠰᠣᠶᠣᠯ ᠪᠠ ᠥᠳᠬᠡᠨ ᠵᠤᠵᠠᠭᠠᠨ ᠦᠨᠳᠦᠰᠦᠲᠡᠨ ᠤ ᠵᠠᠩ ᠦᠢᠯᠡ ᠪᠠᠷ ᠢᠶᠠᠨ ︽ᠪᠣᠳᠠᠰ ᠤᠨ ᠪᠤᠰᠤ ᠰᠣᠶᠣᠯ ᠤᠨ ᠥᠪ + ᠵᠢᠭᠤᠯᠴᠢᠯᠠᠯ︾᠂ ︽ᠰᠢᠨᠵᠢᠯᠡᠬᠦ ᠤᠬᠠᠭᠠᠨ ᠮᠡᠷᠭᠡᠵᠢᠯ + ᠵᠢᠭᠤᠯᠴᠢᠯᠠᠯ︾᠂ ︽ᠤᠯᠤᠰ ᠤᠨ ᠰᠤᠷᠲᠠᠯ + ᠵᠢᠭᠤᠯᠴᠢᠯᠠᠯ︾᠂ ︽ᠳᠠᠭᠤᠤ ᠬᠥᠭᠵᠢᠮ + ᠵᠢᠭᠤᠯᠴᠢᠯᠠᠯ︾᠂ ︽ᠰᠣᠶᠣᠯ + ᠵᠢᠭᠤᠯᠴᠢᠯᠠᠯ︾ ᠵᠡᠷᠭᠡ ᠣᠯᠠᠨ ᠵᠦᠢᠯ ᠤᠨ ᠬᠡᠯᠪᠡᠷᠢ ᠪᠠᠷ ᠠᠭᠤᠰᠤᠯᠴᠠᠵᠤ᠂ ︽ᠰᠣᠶᠣᠯ + ᠵᠢᠭᠤᠯᠴᠢᠯᠠᠯ︾ ᠤᠨ ︽ᠦᠷᠡᠵᠢᠭᠦᠯᠬᠦ ᠦᠢᠯᠡᠳᠦᠯ︾ ᠪᠠ ︽ᠥᠷᠭᠡᠳᠬᠡᠬᠦ ᠦᠢᠯᠡᠳᠦᠯ︾ ᠢ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠪᠠᠶᠢᠳᠠᠯ ᠢ ᠢᠳᠡᠪᠬᠢᠲᠡᠶ ᠪᠣᠶ ᠪᠣᠯᠭᠠᠵᠤ᠂ ᠵᠢᠭᠤᠯᠴᠢᠯᠠᠭᠴᠢᠳ ᠲᠤ ᠪᠠᠶᠠᠷ ᠳᠤᠷᠠᠰᠬᠠᠯ ᠤᠨ ᠡᠳᠦᠷ ᠤᠨ ᠰᠣᠶᠣᠯ ᠵᠢᠭᠤᠯᠴᠢᠯᠠᠯ ᠤᠨ ᠭᠤᠶᠢᠳᠠ ᠰᠠᠶᠢᠬᠠᠨ ᠲᠦᠷᠦᠭᠳᠡᠯ ᠢ ᠬᠦᠷᠳᠡᠭᠡᠪᠡ᠃
  ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠨᠢ ᠠᠯᠠᠱᠠ ᠵᠡᠭᠦᠨ ᠬᠤᠰᠢᠭᠤᠨ ᠤ ᠵᠢᠭᠤᠯᠴᠢᠯᠠᠯ ᠤᠨ ᠨᠡᠷᠡᠲᠦ ᠲᠡᠮᠳᠡᠭ ᠪᠣᠯᠤᠭᠰᠠᠨ ᠤ ᠬᠤᠪᠢ ᠳᠤ᠂ ᠡᠨᠡ ᠵᠢᠯ ᠤᠨ ᠬᠠᠯᠠᠭᠤᠨ ᠤ ᠬᠡᠮᠵᠢᠶ᠎ᠡ ᠨᠢ ᠤᠤᠯ ᠠᠴᠠ ᠪᠠᠨ ᠳᠣᠳᠠᠬᠤ ᠦᠭᠡᠢ ᠪᠠᠶᠢᠵᠤ᠂ ᠮᠥᠨ ᠪᠦᠬᠦ ᠲᠠᠯ᠎ᠠ ᠪᠠᠷ ᠳᠡᠰ ᠳᠡᠪᠰᠢᠭᠦᠯᠦᠭᠰᠡᠨ ᠢᠶᠠᠷ ᠪᠠᠷᠠᠬᠤ ᠦᠭᠡᠢ᠂ ᠪᠠᠰᠠ ᠲᠤᠬᠠᠢ ᠶᠢᠨ ᠲᠠᠯᠠᠪᠠᠢ ᠳᠤ ᠣᠳᠣᠨ ᠣᠷᠣᠨ ᠤ ᠰᠣᠯᠣᠩᠭ᠎ᠠ · ᠳᠠᠭᠤᠤ ᠬᠥᠭᠵᠢᠮ ᠤᠨ ᠴᠤᠭᠯᠠᠷᠠᠯ᠂ IBF ᠮᠡᠷᠭᠡᠵᠢᠯ ᠤᠨ ᠨᠢᠳᠤᠷᠭᠠᠨ ᠲᠡᠮᠡᠴᠡᠭᠡᠨ ᠤ ᠤᠷᠤᠯᠳᠤᠭᠠᠨ ᠵᠡᠷᠭᠡ 9 ᠶᠡᠭᠡ ᠬᠡᠰᠡᠭ ᠤᠨ 20 ᠭᠠᠷᠤᠢ ᠵᠦᠢᠯ ᠤᠨ ᠭᠠᠶᠢᠬᠠᠮᠰᠢᠭᠲᠣ ᠤᠷᠤᠯᠳᠤᠭᠠᠨ ᠪᠠ ᠪᠡᠶᠡᠳᠡᠨ ᠣᠢᠯᠠᠭᠠᠬᠤ ᠠᠵᠢᠯᠯᠠᠭ᠎ᠠ ᠥᠷᠨᠢᠭᠦᠯᠵᠦ᠂ ᠳᠤᠮᠳᠠᠳᠤ ᠤᠯᠤᠰ ᠤᠨ ᠮᠡᠷᠭᠡᠵᠢᠯ ᠤᠨ ᠶᠡᠷᠦᠩᠬᠡᠢᠯᠡᠭᠰᠡᠨ ᠲᠡᠮᠡᠴᠡᠭᠡᠨ ᠤ ᠲᠠᠮᠢᠷᠴᠢᠨ᠂ ᠠᠽᠢᠶ᠎ᠠ ᠲᠢᠪ ᠤᠨ ᠲᠡᠷᠢᠭᠦᠨ UFC ᠶᠢᠨ ᠳᠡᠯᠡᠬᠡᠢ ᠶᠢᠨ ᠮᠠᠩᠯᠠᠢ ᠵᠠᠩ ᠸᠧᠢ ᠯᠢ ᠶᠢ ᠤᠷᠢᠵᠤ ᠳᠡᠯᠭᠡᠷᠡᠭᠦᠯᠬᠦ ᠡᠯᠴᠢᠨ ᠪᠣᠯᠭᠠᠵᠤ᠂ ᠣᠯᠢᠮᠫᠢᠺ ᠤᠨ ᠲᠠᠮᠢᠷ ᠤᠨ ᠴᠤᠭᠯᠠᠭᠠᠨ ᠤ ᠪᠠᠭᠠᠲᠤᠷ᠂ ᠠᠯᠳᠠᠷᠲᠤ ᠬᠦᠭᠵᠢᠮᠴᠢᠨ ᠢ ᠤᠷᠢᠵᠤ᠂ ᠬᠦᠮᠦᠰ ᠲᠤ ᠤᠷᠢᠳ ᠡᠮᠦᠨ᠎ᠡ ᠪᠠᠶᠢᠭ᠎ᠠ ᠦᠭᠡᠢ ᠮᠡᠳᠡᠷᠡᠮᠵᠢ ᠪᠠ ᠲᠦᠷᠦᠭᠳᠡᠯ ᠢ  ᠬᠦᠷᠳᠡᠭᠡᠪᠡ᠃    ᠳᠤᠮᠳᠠᠳᠤ ᠤᠯᠤᠰ ᠤᠨ ᠮᠡᠷᠭᠡᠵᠢᠯ ᠤᠨ ᠶᠡᠷᠦᠩᠬᠡᠢ ᠲᠡᠮᠡᠴᠡᠭᠡᠨ ᠤ ᠲᠠᠮᠢᠷᠴᠢᠨ᠂ ᠠᠽᠢᠶ᠎ᠠ ᠲᠢᠪ ᠤᠨ ᠠᠩᠬᠠᠳᠠᠭᠴᠢ UFC ᠳᠡᠯᠡᠬᠡᠢ ᠶᠢᠨ ᠮᠠᠩᠯᠠᠢ     ᠵᠠᠩ ᠸᠧᠢ ᠯᠢ
      ᠾᠧᠨᠠᠨ ᠤ ᠵᠧᠩ ᠵᠧᠦ ᠶᠢᠨ  ᠵᠢᠭᠤᠯᠴᠢᠯᠠᠭᠴᠢ   ᠵᠣᠣ ᠮᠧᠩ ᠵᠢᠶᠣᠤ     ᠭᠦᠸᠧ ᡁᠢ ᠵᠢᠩ
     ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠨᠢ ᠵᠥᠪᠬᠡᠨ ᠡᠯᠡᠰᠦᠨ ᠴᠥᠯ ᠢᠶᠠᠷ ᠠᠶᠠᠯᠠᠬᠤ ᠲᠡᠳᠦᠢ ᠪᠢᠰᠢ᠂ ᠪᠠᠰᠠ ᠨᠠᠷᠢᠨ ᠨᠢᠮᠪᠠᠢ ᠪᠡᠯᠡᠳᠬᠡᠭᠰᠡᠨ ︽ᠠᠯᠠᠱᠠ ᠶᠢᠨ ᠪᠡᠯᠡᠭ︾ ᠪᠠᠶᠢᠵᠤ᠂ 13 ᠠᠵᠤ ᠠᠬᠤᠶᠢᠯᠠᠯ ᠤᠨ ᠨᠡᠶᠢᠳᠡ 4 ᠶᠡᠭᠡ ᠲᠦᠷᠦᠯ 100 ᠭᠠᠷᠤᠢ ᠵᠦᠢᠯ ᠤᠨ ᠲᠤᠬᠠᠢ ᠶᠢᠨ ᠭᠠᠵᠠᠷ ᠤᠨ ᠣᠨᠴᠠᠯᠢᠭ ᠲᠠᠢ ᠮᠠᠯ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠪᠣᠳᠠᠰ ᠤᠨ ᠪᠤᠰᠤ ᠰᠣᠶᠣᠯ ᠤᠨ ᠥᠪ ᠪᠣᠯᠬᠤ ᠠᠯᠠᠱᠠ ᠶᠢᠨ ᠰᠢᠷᠠᠭᠰᠠᠨ ᠪᠦᠬᠦᠯᠢ ᠰᠢᠭᠦᠰᠦ ᠪᠠᠶᠢᠵᠤ᠂ ᠲᠠᠯ᠎ᠠ ᠲᠠᠯ᠎ᠠ ᠠᠴᠠ ᠢᠷᠡᠭᠰᠡᠨ ᠵᠢᠭᠤᠯᠴᠢᠯᠠᠭᠴᠢᠳ ᠲᠤ  ᠠᠯᠠᠱᠠ ᠶᠢᠨ ᠥᠪᠡᠷᠮᠢᠴᠡ ︽ᠦᠨᠦᠷ ᠠᠮᠲᠠ︾ ᠶᠢ ᠠᠮᠲᠠᠯᠠᠭᠤᠯᠪᠠ᠃
   ᠢᠷᠭᠠᠢ ᠶᠢᠨ ᠵᠢᠭᠤᠯᠴᠢᠯᠠᠭᠴᠢ      ᠮᠠ ᠸᠧᠢ
   ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ      ᠶᠤᠸᠠᠢ ᠹᠠᠩ
   
   ᠡᠨᠡ ᠵᠢᠯ ᠤᠨ ᠤᠯᠤᠰ ᠤᠨ ᠪᠠᠶᠠᠷ ᠤᠨ ᠬᠤᠭᠤᠴᠠᠭᠠᠨ ᠳᠤ᠂ ᠠᠯᠠᠱᠠ ᠶᠢᠨ ᠬᠤᠯᠠᠳᠠᠬᠢᠨ ᠢ ᠲᠣᠭᠳᠠᠭᠠᠭᠴᠢ ᠬᠤᠲᠠ ᠨᠢ ᠣᠷᠳᠣᠨ ᠤ ᠰᠣᠶᠣᠯ ᠢ ᠲᠠᠨᠢᠯᠴᠠᠭᠤᠯᠬᠤ ᠲᠠᠯ᠎ᠠ ᠪᠠᠷ ᠬᠦᠴᠦᠯᠡᠵᠤ᠂ ︽ᠬᠤᠪᠢᠰᠬᠠᠯ + ᠵᠢᠭᠤᠯᠴᠢᠯᠠᠯ︾᠂ ︽ᠰᠣᠶᠣᠯ + ᠵᠢᠭᠤᠯᠴᠢᠯᠠᠯ︾᠂ ︽ᠪᠠᠶᠠᠷ + ᠵᠢᠭᠤᠯᠴᠢᠯᠠᠯ︾ ᠵᠡᠷᠭᠡ ᠣᠯᠠᠨ ᠦᠨᠳᠦᠰᠦᠲᠡᠨ᠂ ᠣᠯᠠᠨ ᠡᠯᠧᠮᠧᠨ᠋ᠲ᠂ ᠣᠯᠠᠨ ᠬᠡᠯᠪᠡᠷᠢ ᠶᠢᠨ ᠠᠭᠤᠰᠤᠯᠴᠠᠯ ᠢᠶᠠᠷ ᠳᠠᠮᠵᠢᠨ᠂ ᠵᠢᠭᠤᠯᠴᠢᠯᠠᠭᠴᠢᠳ ᠢᠶᠠᠷ ᠤᠯᠠᠨ ᠵᠦᠢᠯ ᠤᠨ ᠬᠠᠭᠤᠴᠢᠨ ᠦᠶ᠎ᠡ ᠶᠢᠨ ᠣᠷᠳᠣᠨ ᠤ ᠬᠠᠷᠢᠯᠴᠠᠨ ᠬᠥᠳᠡᠯᠦᠯᠴᠡᠬᠦ ᠲᠣᠭᠯᠠᠭᠠᠮ ᠳᠤ ᠣᠷᠣᠯᠴᠠᠭᠤᠯᠵᠤ ᠪᠣᠯᠬᠤ ᠪᠠᠷ ᠪᠠᠷᠠᠬᠤ ᠦᠭᠡᠢ ᠪᠠᠰᠠ ᠣᠷᠳᠣᠨ ᠤ ᠲᠥᠪ ᠡᠷᠬᠢᠮᠰᠦᠭ ᠠᠭᠤᠷ ᠠᠮᠢᠰᠬᠤᠯ ᠢ ᠪᠡᠶᠠᠴᠢᠯᠡᠨ ᠣᠶᠢᠯᠠᠭᠠᠭᠤᠯᠪᠠ᠃    ︽ᠠᠷᠪᠠᠨ ᠰᠠᠷ᠎ᠠ ᠶᠢᠨ ᠨᠢᠭᠡᠨ︾ ᠤ ᠠᠮᠠᠷᠠᠯᠳᠠ ᠶᠢᠨ ᠬᠤᠭᠤᠴᠠᠭᠠᠨ ᠳᠤ᠂ ᠠᠯᠠᠱᠠ ᠶᠢᠨ ᠴᠢᠯᠠᠭᠤᠨ ᠤ ᠦᠵᠡᠰᠬᠦᠯᠡᠩ ᠴᠦ ᠬᠦᠮᠦᠰ ᠤᠨ ᠬᠦᠷᠢᠶᠡᠯᠡᠯ ᠢ ᠣᠯᠵᠤ᠂ ᠡᠯ᠎ᠡ ᠲᠥᠷᠥᠯ ᠤᠨ ᠦᠵᠡᠮᠦᠷᠢ ᠶᠢᠨ ᠴᠢᠯᠠᠭᠤ᠂ ᠡᠷᠳᠡᠨᠢ ᠶᠢᠨ ᠬᠠᠰ ᠴᠢᠯᠠᠭᠤ᠂ ᠭᠤᠪᠢ ᠶᠢᠨ ᠴᠢᠯᠠᠭᠤ ᠨᠢ᠂ ᠪᠦᠬᠦ ᠤᠯᠤᠰ ᠤᠨ ᠡᠯ᠎ᠡ ᠭᠠᠵᠠᠷ ᠤᠨ ᠨᠠᠶᠢᠵᠠ ᠨᠠᠷ ᠤᠨ ᠠᠩᠬᠠᠷᠤᠯ ᠢ ᠲᠠᠲᠠᠭᠰᠠᠨ ᠪᠠᠶᠢᠨ᠎ᠠ᠃     ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤ ᠵᠢᠭᠤᠯᠴᠢᠯᠠᠭᠴᠢᠳ ᠤᠨ ᠬᠡᠷᠡᠭᠯᠡᠭᠡᠨ ᠤ ᠬᠡᠷᠡᠭᠴᠡᠭᠡ ᠲᠠᠢ ᠤᠶᠠᠯᠳᠤᠭᠤᠯᠤᠨ᠂ ᠴᠢᠨᠠᠷ ᠰᠠᠶᠢᠲᠠᠶ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠵᠢᠭᠤᠯᠴᠢᠯᠠᠭᠴᠢᠳ ᠢ ᠲᠡᠳᠡᠨ ᠦᠨᠳᠦᠰᠦᠲᠡᠨ ᠨᠦᠭᠦᠳ ᠤᠨ ᠵᠠᠩ ᠳᠠᠳᠬᠠᠯ ᠢ ᠭᠦᠨᠵᠡᠭᠡᠶ ᠣᠶᠢᠯᠠᠭᠠᠭᠤᠯᠵᠤ᠂ ᠮᠥᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ︽ᠰᠢᠨ᠎ᠡ ᠬᠥᠳᠡᠯᠭᠡᠬᠦ ᠬᠦᠴᠦᠨ︾ ᠪᠣᠯᠭᠠᠪᠠ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号