﹇ᠰᠤᠷᠤᠯᠴᠠᠶ᠎ᠠ﹈ ᠰᠡᠬᠡᠭᠡᠲᠡᠨ ᠪᠣᠯ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠴᠦᠨ ᠮᠥᠨ
ᠨᠡᠶᠢᠲᠡᠯᠡᠭᠰᠡᠨ ᠴᠠᠭ᠄
2024/10/12
                            ᠵᠠᠳᠠᠯᠤᠯᠲᠠ᠄              ︵᠎ 1︶ ᠰᠡᠬᠡᠭᠡᠲᠡᠨ ᠪᠣᠯ ᠠᠵᠢᠯᠴᠢᠨ ᠠᠩᠭᠢ ᠶᠢᠨ ᠨᠢᠭᠡ ᠬᠡᠰᠡᠭ ᠪᠣᠯᠬᠤ ᠪᠥᠭᠡᠳ ᠠᠵᠢᠯᠴᠢᠨ ᠠᠩᠭᠢ ᠶᠢᠨ ᠳᠣᠲᠣᠷ᠎ᠠ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠨᠡᠯᠢᠶᠡᠳ ᠠᠷᠪᠢᠨ ᠡᠵᠡᠮᠰᠢᠭᠰᠡᠨ᠂ ᠭᠤᠣᠯᠳᠠᠭᠤ ᠤᠶᠤᠨ ᠤ ᠬᠥᠳᠡᠯᠮᠦᠷᠢ ᠬᠢᠳᠡᠭ ᠨᠢᠭᠡ ᠬᠡᠰᠡᠭ ᠪᠣᠯᠬᠤ ᠪᠥᠭᠡᠳ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠳᠤᠮᠳᠠ ᠣᠨᠴᠠ ᠴᠢᠬᠤᠯᠠ ᠦᠢᠯᠡᠳᠦᠯ ᠢᠶᠠᠨ ᠪᠠᠳᠠᠷᠠᠭᠤᠯᠵᠤ ᠪᠠᠶᠢᠳᠠᠭ᠃             ︵᠎ 2︶ ᠰᠡᠬᠡᠭᠡᠲᠡᠨ ᠪᠣᠯ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠡᠭᠦᠳᠦᠨ ᠨᠡᠭᠡᠭᠡᠭᠴᠢ ᠮᠥᠨ᠂ ᠪᠣᠳᠠᠰ ᠤᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠬᠦᠴᠦᠨ ᠮᠥᠨ᠃ ᠰᠡᠬᠡᠭᠡᠲᠡᠨ ᠤ ᠦᠢᠯᠡᠳᠦᠯ ᠢ ᠭᠦᠢᠴᠡᠳ ᠪᠠᠳᠠᠷᠠᠭᠤᠯᠪᠠᠯ ᠰᠠᠶ᠋ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠲᠦᠷᠭᠡᠳᠬᠡᠵᠦ᠂ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠳᠡᠭᠡᠳᠦ ᠬᠡᠮᠵᠢᠶᠡᠨ ᠤ ᠪᠣᠳᠠᠰ ᠤᠨ ᠪᠣᠯᠪᠠᠰᠤᠨ ᠢ ᠪᠤᠢ ᠪᠣᠯᠭᠠᠵᠤ ᠴᠢᠳᠠᠨ᠎ᠠ᠃             ︵᠎ 3︶ ᠰᠡᠬᠡᠭᠡᠲᠡᠨ ᠪᠣᠯ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢᠨ ᠡᠭᠦᠳᠦᠨ ᠪᠦᠲᠦᠭᠡᠭᠴᠢ ᠪᠠ ᠳᠡᠯᠭᠡᠷᠡᠭᠦᠯᠦᠭᠴᠢ ᠮᠥᠨ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠬᠦᠴᠦᠨ ᠮᠥᠨ᠃ ᠳᠡᠭᠡᠳᠦ ᠬᠡᠮᠵᠢᠶᠡᠨ ᠤ ᠤᠶᠤᠨ ᠰᠠᠨᠠᠭᠠᠨ ᠤ ᠪᠣᠯᠪᠠᠰᠤᠨ ᠪᠠᠶᠢᠳᠠᠯ ᠢ ᠪᠤᠢ ᠪᠣᠯᠭᠠᠵᠤ᠂ ᠪᠦᠬᠦ ᠦᠨᠳᠦᠰᠦᠲᠡᠨ ᠤ ᠰᠢᠨᠵᠢᠯᠡᠬᠦ ᠤᠬᠠᠭᠠᠨ ᠰᠣᠶᠣᠯ ᠪᠣᠯᠪᠠᠰᠤᠷᠠᠯ ᠤᠨ ᠬᠡᠪ ᠴᠢᠨᠠᠷ ᠢ ᠳᠡᠭᠡᠭᠰᠢᠯᠡᠭᠦᠯᠬᠦ ᠳᠤ ᠡᠷᠬᠡᠪᠰᠢ ᠰᠡᠬᠡᠭᠡᠲᠡᠨ ᠢ ᠲᠦᠰᠢᠭᠯᠡᠬᠦ ᠬᠡᠷᠡᠭᠲᠡᠢ᠃             ︵᠎ 4︶ ᠰᠡᠬᠡᠭᠡᠲᠡᠨ ᠪᠣᠯ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠬᠥᠭᠵᠢᠭᠦᠯᠬᠦ ᠴᠢᠬᠤᠯᠠ ᠬᠦᠴᠦᠨ ᠮᠥᠨ᠂ ᠰᠡᠬᠡᠭᠡᠲᠡᠨ ᠪᠣᠯ ᠤᠯᠤᠰ ᠲᠦᠷᠦ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠬᠥᠭᠵᠢᠭᠦᠯᠬᠦ ᠦᠢᠯᠡᠳᠦᠯᠭᠡᠵᠢᠭᠦᠯᠦᠭᠴᠢ ᠪᠣᠯᠬᠤ ᠪᠠᠷ ᠪᠠᠷᠠᠬᠤ ᠦᠭᠡᠢ ᠪᠠᠰᠠ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠪᠠ ᠤᠯᠤᠰ ᠲᠦᠷᠦ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠤᠨᠤᠯ ᠤᠨ ᠰᠤᠳᠤᠯᠤᠭᠴᠢ᠂ ᠦᠢᠯᠡᠳᠦᠯᠭᠡ ᠶᠢᠨ ᠲᠤᠷᠰᠢᠯᠭ᠎ᠠ ᠶᠢᠨ ᠳ᠋ᠦᠩᠨᠡᠭᠴᠢ ᠮᠥᠨ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号