﹇ᠰᠤᠷᠤᠯᠴᠠᠶ᠎ᠠ﹈ ᠰᠢᠨ᠎ᠡ ᠠᠷᠠᠳᠴᠢᠯᠠᠭᠰᠠᠨ ᠬᠤᠪᠢᠰᠬᠠᠯ ᠤᠨ ᠶᠡᠷᠦᠩᠬᠡᠢ ᠱᠤᠭᠤᠮ 
ᠨᠡᠶᠢᠲᠡᠯᠡᠭᠰᠡᠨ ᠴᠠᠭ᠄
2024/10/12
ᠰᠢᠨ᠎ᠡ ᠠᠷᠠᠳᠴᠢᠯᠠᠭᠰᠠᠨ ᠬᠤᠪᠢᠰᠬᠠᠯ ᠤᠨ ᠶᠡᠷᠦᠩᠬᠡᠢ ᠱᠤᠭᠤᠮ                          ᠬᠠᠷᠢᠭᠤᠯᠲᠠ᠄ ᠰᠢᠨ᠎ᠡ ᠠᠷᠠᠳᠴᠢᠯᠠᠭᠰᠠᠨ ᠬᠤᠪᠢᠰᠬᠠᠯ ᠤᠨ ᠶᠡᠷᠦᠩᠬᠡᠢ ᠱᠤᠭᠤᠮ ᠪᠣᠯ ᠰᠢᠨ᠎ᠡ ᠠᠷᠠᠳᠴᠢᠯᠠᠭᠰᠠᠨ ᠬᠤᠪᠢᠰᠬᠠᠯ ᠤᠨ ᠣᠨᠣᠯ ᠤᠨ ᠲᠥᠪᠯᠡᠷᠡᠩᠭᠦᠢ ᠢᠯᠡᠷᠡᠯ ᠮᠥᠨ᠃ ᠳᠤᠮᠳᠠᠳᠤ ᠤᠯᠤᠰ ᠤᠨ ᠡᠪ ᠬᠠᠮᠲᠤᠴᠤᠳ ᠤᠨ ᠳᠤᠮᠳᠠᠳᠤ ᠤᠯᠤᠰ ᠤᠨ ᠬᠤᠪᠢᠰᠬᠠᠯ ᠤᠨ ᠦᠨᠳᠦᠰᠦᠨ ᠠᠰᠠᠭᠤᠳᠠᠯ ᠳᠤ ᠬᠢᠭᠰᠡᠨ ᠤᠷᠲᠤ ᠬᠤᠭᠤᠴᠠᠭᠠᠨ ᠤ ᠬᠠᠶᠢᠨ ᠰᠦᠪᠡᠭᠴᠢᠯᠡᠯᠲᠡ ᠶᠢᠨ ᠰᠠᠭᠤᠷᠢᠨ ᠳᠡᠭᠡᠷ᠎ᠡ᠂ 1948 ᠣᠨ ᠳᠤ᠂ ᠮᠠᠤ ᠽᠧ ᠳ᠋ᠦᠩ ︽ᠱᠠᠨ ᠰᠢ ᠰᠦᠢᠶᠤᠸᠠᠨ ᠤ ᠺᠠᠳ᠋ᠷᠴᠤᠳ ᠤᠨ ᠬᠤᠷᠠᠯ ᠳᠡᠭᠡᠷᠡᠬᠢ ᠶᠠᠷᠢᠶ᠎ᠠ︾᠎ ᠎ ᠳᠠᠭᠠᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠶᠡᠷᠦᠩᠬᠡᠢ ᠱᠤᠭᠤᠮ ᠢ ᠪᠦᠷᠢᠨ ᠪᠦᠲᠦᠨ ᠬᠤᠷᠢᠶᠠᠩᠭᠤᠶᠢᠯᠠᠵᠠᠢ᠃ ᠲᠤᠬᠠᠶᠢᠯᠠᠪᠠᠯ ︽ᠡᠵᠡᠷᠬᠡᠭ ᠲᠦᠷᠢᠮᠡᠬᠡᠢ ᠶᠣᠰᠣ᠂ ᠹᠧᠣᠳᠠᠯ ᠶᠣᠰᠣ ᠪᠠ ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠭᠰᠡᠨ ᠦᠭᠡᠶᠢᠭᠦᠦ ᠠᠩᠭᠢ ᠶᠢᠨ ᠤᠳᠤᠷᠢᠳᠤᠭᠰᠠᠨ᠂ ᠠᠷᠠᠳ ᠤᠯᠠᠨ ᠤ ᠬᠤᠪᠢᠰᠬᠠᠯ︾ ᠪᠣᠯᠣᠨ᠎ᠠ᠃ ᠡᠨᠡ ᠨᠢ ᠳᠠᠷᠤᠢ ︽ᠡᠵᠡᠷᠬᠡᠭ ᠲᠦᠷᠢᠮᠡᠬᠡᠢ ᠶᠣᠰᠣ᠂ ᠹᠧᠣᠳᠠᠯ ᠶᠣᠰᠣ ᠪᠠ ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠭᠰᠡᠨ ᠦᠭᠡᠶᠢᠭᠦᠦ ᠠᠩᠭᠢ ᠶᠢᠨ ᠤᠳᠤᠷᠢᠳᠤᠭᠰᠠᠨ᠂ ᠠᠷᠠᠳ ᠤᠯᠠᠨ ᠤ ᠬᠤᠪᠢᠰᠬᠠᠯ︾ ᠪᠣᠯᠣᠨ᠎ᠠ᠃ ᠡᠨᠡ ᠱᠤᠭᠤᠮ ᠳᠤ᠄ ᠬᠤᠪᠢᠰᠬᠠᠯ ᠤᠨ ᠤᠳᠤᠷᠢᠳᠬᠤ ᠠᠩᠭᠢ ᠪᠣᠯ ᠠᠵᠢᠯᠴᠢᠨ ᠠᠩᠭᠢ ᠮᠥᠨ᠂ ᠡᠨᠡ ᠪᠣᠯ ᠶᠡᠷᠦᠩᠬᠡᠢ ᠱᠤᠭᠤᠮ ᠤᠨ ᠭᠤᠣᠯ ᠎ ᠨᠢ ᠮᠥᠨ︔ ᠬᠤᠪᠢᠰᠬᠠᠯ ᠤᠨ ᠬᠥᠳᠡᠯᠭᠡᠬᠦ ᠬᠦᠴᠦᠨ ᠪᠣᠯ ᠠᠵᠢᠯᠴᠢᠨ ᠠᠩᠭᠢ᠂ ᠲᠠᠷᠢᠶᠠᠴᠢᠨ ᠠᠩᠭᠢ᠂ ᠵᠢᠵᠢᠭ ᠬᠥᠷᠥᠩᠭᠡᠲᠡᠨ ᠠᠩᠭᠢ ᠪᠠ ᠦᠨᠳᠦᠰᠦᠲᠡᠨ ᠤ ᠬᠥᠷᠥᠩᠭᠡᠲᠡᠨ ᠠᠩᠭᠢ ᠪᠣᠯᠣᠨ᠎ᠠ︔ ᠬᠤᠪᠢᠰᠬᠠᠯ ᠤᠨ ᠳ᠋ᠦᠢᠰᠢᠶᠠᠩ ᠪᠣᠯ ᠡᠵᠡᠷᠬᠡᠭ ᠲᠦᠷᠢᠮᠡᠬᠡᠢ ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠮᠥᠨ︔ ᠬᠤᠪᠢᠰᠬᠠᠯ ᠤᠨ ᠰᠢᠨᠵᠢ ᠴᠢᠨᠠᠷ ᠪᠣᠯ ᠬᠥᠷᠥᠩᠭᠡᠲᠡᠨ ᠠᠩᠭᠢ ᠶᠢᠨ ᠰᠢᠨ᠎ᠡ ᠮᠠᠶ᠋ᠢᠭ ᠤᠨ ᠥᠪᠡᠷᠮᠢᠴᠡ ᠠᠷᠠᠳᠴᠢᠯᠠᠭᠰᠠᠨ ᠬᠤᠪᠢᠰᠬᠠᠯ ᠮᠥᠨ︔ ᠬᠤᠪᠢᠰᠬᠠᠯ ᠤᠨ ᠢᠷᠡᠭᠡᠳᠦᠢ ᠪᠣᠯ ᠰᠢᠨ᠎ᠡ ᠠᠷᠠᠳᠴᠢᠯᠠᠭᠰᠠᠨ ᠶᠣᠰᠣ ᠪᠠᠷ ᠲᠠᠮᠵᠢᠨ ᠨᠡᠶᠢᠭᠡᠮ ᠵᠢᠷᠤᠮ ᠳᠤ ᠰᠢᠯᠵᠢᠨ ᠣᠷᠣᠬᠤ ᠶᠠᠪᠤᠳᠠᠯ ᠪᠣᠯᠣᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号